ᠠᠮᠧᠷᠢᠺᠠ ᠶᠢᠨ ᠪᠠᠲᠤᠯᠠᠨ ᠬᠠᠮᠠᠭᠠᠯᠠᠬᠤ ᠶᠢᠨ ᠰᠠᠶᠢᠳ ᠠᠶᠢᠯᠴᠢᠯᠠᠯ᠎ᠠ  | News.MN

ᠠᠮᠧᠷᠢᠺᠠ ᠶᠢᠨ ᠪᠠᠲᠤᠯᠠᠨ ᠬᠠᠮᠠᠭᠠᠯᠠᠬᠤ ᠶᠢᠨ ᠰᠠᠶᠢᠳ ᠠᠶᠢᠯᠴᠢᠯᠠᠯ᠎ᠠ 

ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ ᠲᠠᠢ ᠠᠮᠧᠷᠢᠺᠠ ᠶᠢᠨ ᠪᠠᠲᠤᠯᠠᠨ ᠬᠠᠮᠠᠭᠠᠯᠠᠬᠤ ᠶᠢᠨ ᠰᠠᠶᠢᠳ ᠲ∙ᠡᠰᠫᠸᠷ ᠠᠭᠤᠯᠵᠠᠯ᠎ᠠ᠃ ᠲᠡᠭᠦᠨ ᠢ ᠪᠠᠲᠤᠯᠠᠨ ᠬᠠᠮᠠᠭᠠᠯᠠᠬᠤ ᠶᠠᠮᠤᠨ ᠳᠦ ᠬᠦᠷᠦᠯᠴᠡᠨ ᠢᠷᠡᠬᠦ ᠳᠦ ᠬᠦᠨᠳᠦᠲᠦ ᠬᠠᠷᠠᠭᠤᠯ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠦᠯᠢᠶᠡᠪᠦᠷᠢ ᠨᠠᠶᠢᠷᠠᠯ ᠬᠥᠭᠵᠢᠮ ᠦᠨ ᠪᠡᠶ᠎ᠡ ᠪᠦᠷᠢᠯᠳᠦᠬᠦᠨ ᠵᠢᠭᠰᠠᠨ ᠤᠭᠲᠤᠵᠤ᠂ ᠬᠦᠨᠳᠦᠳᠬᠡᠯ ᠦᠵᠡᠭᠦᠯᠵᠦ᠂ ᠬᠣᠶᠠᠷ ᠤᠯᠤᠰ ᠤᠨ ᠲᠥᠷᠥ ᠶᠢᠨ ᠳᠠᠭᠤᠯᠠᠯ ᠢ ᠡᠭᠡᠰᠢᠭᠯᠡᠭᠦᠯᠦᠭᠰᠡᠨ ᠶᠤᠮ᠃ ᠳᠠᠷᠠᠭ᠎ᠠ ᠨᠢ ᠠᠮᠧᠷᠢᠺᠠ ᠶᠢᠨ ᠪᠠᠲᠤᠯᠠᠨ ᠬᠠᠮᠠᠭᠠᠯᠠᠬᠤ ᠰᠠᠯᠪᠤᠷᠢ ᠶᠢᠨ ᠵᠣᠴᠢᠳ ᠮᠣᠩᠭᠣᠯ ᠤᠯᠤᠰ ᠤᠨ ᠪᠠᠲᠤᠯᠠᠨ ᠬᠠᠮᠠᠭᠠᠯᠠᠬᠤ᠂ ᠵᠡᠪᠰᠡᠭᠲᠦ ᠬᠦᠴᠦᠨ ᠦ ᠤᠳᠤᠷᠢᠳᠤᠯᠭ᠎ᠠ ᠨᠠᠷ ᠲᠠᠢ ᠠᠭᠤᠯᠵᠠᠵᠤ᠂ ᠬᠣᠶᠠᠷ ᠣᠷᠣᠨ ᠤ ᠪᠠᠲᠤᠯᠠᠨ ᠬᠠᠮᠠᠭᠠᠯᠠᠬᠤ ᠰᠠᠯᠪᠤᠷᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ᠂ ᠴᠢᠨᠠᠭᠰᠢᠳᠠ ᠶᠢᠨ ᠬᠥᠭᠵᠢᠯ ᠦᠨ ᠴᠢᠭ ᠬᠠᠨᠳᠤᠯᠭ᠎ᠠ ᠶᠢᠨ ᠲᠠᠯ᠎ᠠ ᠪᠠᠷ ᠰᠠᠨᠠᠯ ᠰᠣᠯᠢᠯᠴᠠᠯ᠎ᠠ᠃
ᠰᠠᠶᠢᠳ ᠨ∙ᠡᠩᠬᠡᠪᠣᠯᠤᠳ ᠨᠣᠶᠠᠨ ᠲ∙ᠡᠰᠫᠸᠷ ᠢ ᠬᠦᠨᠳᠦᠳᠭᠡᠵᠦ᠂ ᠲᠡᠭᠦᠨ ᠳᠦ ᠠᠳᠤᠭᠤ ᠪᠡᠯᠡᠭᠯᠡᠭᠰᠡᠨ᠃ ᠡᠨᠡ ᠦᠶ᠎ᠡ ᠪᠡᠷ ᠠᠮᠧᠷᠢᠺᠠ ᠶᠢᠨ ᠪᠠᠲᠤᠯᠠᠨ ᠬᠠᠮᠠᠭᠠᠯᠠᠬᠤ ᠶᠢᠨ ᠰᠠᠶᠢᠳ ᠬᠡᠯᠡᠭᠰᠡᠨ ᠦᠭᠡᠨ ᠳᠦ ᠪᠡᠨ ᠄ ᠮᠠᠨ ᠤ ᠬᠣᠶᠠᠷ ᠣᠷᠣᠨ ᠤ ᠪᠠᠲᠤᠯᠠᠨ ᠬᠠᠮᠠᠭᠠᠯᠠᠬᠤ ᠰᠠᠯᠪᠤᠷᠢ ᠶᠢᠨ ᠬᠠᠷᠢᠯᠴᠠᠭ᠎ᠠ ᠨᠢ ᠲᠠᠯ᠎ᠠ ᠨᠤᠭᠤᠳ ᠤᠨ ᠨᠡᠶᠢᠲᠡᠯᠢᠭ ᠡᠷᠬᠡ ᠠᠰᠢᠭ ᠪᠣᠯᠬᠤ ᠠᠷᠠᠳᠴᠢᠯᠠᠯ᠂ ᠡᠷᠬᠡ ᠴᠢᠯᠦᠭᠡ᠂ ᠬᠦᠮᠦᠨ ᠦ ᠡᠷᠬᠡ ᠶᠢ ᠳᠡᠯᠡᠬᠡᠢ ᠳ᠋ᠠᠬᠢᠨ ᠳᠤ ᠬᠠᠮᠠᠭᠠᠯᠠᠬᠤ᠂ ᠬᠣᠶᠠᠷ ᠣᠷᠣᠨ ᠤ ᠠᠷᠠᠳ ᠲᠦᠮᠡᠨ ᠦ ᠨᠠᠶᠢᠷᠰᠠᠭ ᠬᠠᠷᠢᠯᠴᠠᠭ᠎ᠠ ᠶᠢ ᠭᠦᠨᠵᠡᠭᠡᠶᠢᠷᠡᠭᠦᠯᠬᠦ᠂ ᠪᠥᠰᠡ ᠨᠤᠲᠤᠭ ᠲᠤ ᠪᠣᠯᠤᠨ ᠳᠡᠯᠡᠬᠡᠢ ᠳ᠋ᠡᠬᠢᠨ ᠳᠤ ᠴᠡᠷᠢᠭ ᠦᠨ ᠢᠲᠡᠭᠡᠯᠴᠡᠯ ᠢ ᠪᠡᠬᠢᠵᠢᠭᠦᠯᠬᠦ᠂ ᠡᠩᠬᠡ ᠲᠠᠶᠢᠪᠤᠩ᠂ ᠲᠣᠭᠲᠠᠪᠤᠷᠢᠲᠠᠢ ᠪᠠᠶᠢᠳᠠᠯ ᠢ  ᠰᠠᠬᠢᠨ ᠬᠠᠮᠠᠭᠠᠯᠠᠬᠤ ᠳᠤ ᠴᠢᠬᠤᠯᠠ ᠡᠭᠦᠷᠭᠡ ᠭᠦᠢᠴᠡᠳᠭᠡᠵᠦ ᠢᠷᠡᠭᠰᠡᠨ ᠪᠢᠯᠡ᠃ ᠴᠢᠨᠠᠭᠰᠢᠳᠠ ᠪᠠᠨ ᠴᠤ ᠡᠨᠡ ᠬᠠᠷᠢᠯᠴᠠᠭ᠎ᠠ ᠤᠯᠠᠮ ᠪᠠᠲᠤᠵᠢᠵᠤ᠂ ᠥᠷᠭᠡᠵᠢᠨ ᠬᠥᠭᠵᠢᠨ᠎ᠡ ᠭᠡᠳᠡᠭ ᠲᠦ ᠡᠷᠡᠭᠡᠯᠵᠡᠬᠦ ᠦᠭᠡᠢ ᠪᠠᠶᠢᠨ᠎ᠠ ᠭᠡᠰᠡᠨ ᠶᠤᠮ᠃ ᠲᠡᠷᠡᠪᠡᠷ ᠶᠠᠷᠢᠶᠠᠨ ᠤ ᠪᠠᠨ ᠲᠡᠭᠦᠰᠬᠡᠯ ᠳᠦ᠄ ᠨᠠᠮᠠᠶᠢ ᠬᠦᠨᠳᠦᠳᠭᠡᠵᠦ ᠮᠣᠷᠢ ᠪᠡᠯᠡᠭᠯᠡᠭᠰᠡᠨ ᠳᠦ ᠪᠢ ᠮᠠᠰᠢ ᠶᠡᠬᠡ ᠪᠠᠶᠠᠷᠲᠠᠢ ᠪᠠᠶᠢᠨ᠎ᠠ᠃ ᠡᠨᠡ ᠮᠣᠷᠢ ᠶᠢ ᠮᠠᠨ ᠤ ᠤᠯᠤᠰ ᠤᠨ ᠡᠷᠡᠯᠬᠡᠭ ᠭᠧᠨᠧᠷᠠᠯ  ᠵᠢᠶᠤᠷᠵ ᠮᠠᠷᠱᠠᠯ ᠤᠨ ᠨᠡᠷ᠎ᠡ ᠪᠡᠷ ᠨᠡᠷᠡᠯᠡᠶ᠎ᠡ᠃ ᠤᠴᠢᠷ ᠨᠢ ᠲᠡᠷᠡ ᠬᠦᠮᠦᠨ ᠳᠡᠯᠡᠬᠡᠢ ᠶᠢᠨ ᠬᠤᠶᠠᠳᠤᠭᠠᠷ ᠳᠠᠶᠢᠨ ᠤ ᠳᠠᠷᠠᠭ᠎ᠠ ᠬᠢᠲᠠᠳ ᠤᠯᠤᠰ ᠲᠤ ᠴᠡᠷᠢᠭ ᠦᠨ ᠦᠢᠯᠡ ᠠᠵᠢᠯᠯᠠᠭᠠᠨ ᠳᠤ ᠣᠷᠣᠯᠴᠠᠵᠤ ᠪᠠᠶᠢᠬᠤ ᠳᠤ ᠪᠠᠨ ᠮᠣᠩᠭᠣᠯ ᠮᠤᠷᠢ ᠤᠨᠤᠵᠤ ᠪᠠᠶᠢᠭᠰᠠᠨ ᠲᠡᠦᠬᠡ ᠲᠡᠢ ᠭᠡᠪᠡ ᠃

ᠰᠡᠳᠬᠢᠭᠳᠡᠯ ᠦᠯᠡᠳᠡᠭᠡᠬᠦ