ᠪᠠᠩᠭᠢ ᠰᠠᠩᠬᠦᠦ ᠶᠢᠨ ᠬᠢᠨ ᠬᠠᠮᠲᠤᠷᠠᠨ ᠠᠵᠢᠯᠯᠠᠨ᠎ᠠ  | News.MN

 ᠪᠠᠩᠭᠢ ᠰᠠᠩᠬᠦᠦ ᠶᠢᠨ ᠬᠢᠨ ᠬᠠᠮᠲᠤᠷᠠᠨ ᠠᠵᠢᠯᠯᠠᠨ᠎ᠠ 

ᠰᠠᠩᠬᠦᠦ ᠶᠢᠨ ᠵᠣᠬᠢᠴᠠᠭᠤᠯᠬᠤ ᠬᠣᠷᠢᠶ᠎ᠠ᠂ ᠮᠣᠩᠭᠣᠯ ᠤᠨ ᠪᠠᠩᠬᠢᠨ ᠤ ᠬᠣᠯᠪᠣᠭ᠎ᠠ ᠲᠠᠢ 2018 ᠣᠨ ᠤ ᠵᠢᠷᠭᠤᠳᠤᠭᠠᠷ ᠰᠠᠷ᠎ᠠ ᠶᠢᠨ 15 ᠍ ᠤ ᠡᠳᠦᠷ ᠪᠠᠶᠢᠭᠤᠯᠤᠭᠰᠠᠨ ︽ᠰᠤᠷᠭᠠᠯᠲᠠ ᠵᠣᠬᠢᠶᠠᠨ ᠪᠠᠶᠢᠭᠤᠯᠬᠤ ᠭᠡᠷ᠎ᠡ︾ ᠶᠢ ᠳ᠋ᠦᠩᠨᠡᠵᠦ᠂ ᠴᠠᠭᠠᠰᠢᠳᠠ ᠦᠷᠭᠦᠯᠵᠢᠯᠡᠭᠦᠯᠵᠦ ᠬᠠᠮᠲᠤᠷᠠᠨ ᠠᠵᠢᠯᠯᠠᠬᠤ ᠪᠠᠷ ᠪᠣᠯᠤᠯ᠎ᠠ᠃  ᠭᠡᠷ᠎ᠡ ᠳᠦ ᠵᠢᠭᠠᠭᠰᠠᠨ ᠢᠶᠠᠷ ᠮᠣᠩᠭᠣᠯ ᠤᠨ ᠪᠠᠩᠬᠢᠨ ᠤ ᠬᠣᠯᠪᠣᠭ᠎ᠠ ᠨᠢ ᠳᠠᠭᠠᠳᠬᠠᠯ ᠤᠨ ᠵᠠᠭᠤᠴᠢᠯᠠᠭᠴᠢ ᠪᠠᠩᠬᠢᠨ ᠤ  ᠠᠵᠢᠯᠲᠠᠳ ᠲᠤ ᠵᠣᠷᠢᠭᠤᠯᠤᠭᠰᠠᠨ ᠳᠠᠭᠠᠳᠬᠠᠯ ᠤᠨ ᠵᠠᠭᠤᠴᠢᠯᠠᠭᠴᠢ ᠶᠢᠨ ᠡᠷᠬᠡ ᠣᠯᠭᠣᠬᠤ ᠪᠣᠯᠤᠨ ᠮᠡᠷᠭᠡᠰᠢᠭᠦᠯᠬᠦ ᠰᠤᠷᠭᠠᠯᠲᠠ ᠶᠢ ᠮᠡᠷᠭᠡᠵᠢᠯ ᠦᠨ ᠲᠦᠪᠰᠢᠨ ᠳᠦ᠂ ᠴᠢᠨᠠᠷᠲᠠᠢ ᠵᠣᠬᠢᠶᠠᠨ ᠪᠠᠶᠢᠭᠤᠯᠵᠤ ᠠᠵᠢᠯᠯᠠᠬᠤ ᠪᠣᠯ ᠬᠣᠷᠢᠶᠠᠨ ᠠᠴᠠ ᠰᠤᠷᠭᠠᠯᠲᠠ ᠶᠢᠨ ᠦᠢᠯᠡ ᠠᠵᠢᠯᠯᠠᠭᠠᠨ ᠳᠤ ᠬᠢᠨᠠᠯᠲᠠ ᠲᠠᠯᠪᠢᠵᠤ᠂  ᠴᠢᠭ ᠡᠭᠦᠷᠭᠡ ᠪᠡᠨ ᠬᠡᠷᠡᠭᠵᠢᠭᠦᠯᠬᠦ ᠳᠦ ᠳᠡᠮᠵᠢᠯᠭᠡ ᠦᠵᠡᠭᠦᠯᠬᠦ ᠶᠤᠮ᠃
ᠥᠩᠭᠡᠷᠡᠭᠰᠡᠨ ᠬᠤᠭᠤᠴᠠᠭᠠᠨ ᠳᠤ ᠤᠭ ᠰᠤᠷᠭᠠᠯᠲᠠ ᠳᠤ ᠰᠠᠩᠬᠦᠦ ᠶᠢᠨ ᠵᠣᠬᠢᠴᠠᠭᠤᠯᠬᠤ ᠬᠣᠷᠢᠶᠠᠨ ᠠᠴᠠ ᠳᠠᠭᠠᠳᠬᠠᠯ ᠤᠨ ᠵᠠᠭᠤᠴᠢᠯᠠᠭᠴᠢ ᠶᠢᠨ ᠦᠢᠯᠡ ᠠᠵᠢᠯᠯᠠᠭ᠎ᠠ ᠶᠠᠪᠤᠭᠤᠯᠬᠤ ᠲᠤᠰᠬᠠᠢ ᠵᠥᠪᠰᠢᠶᠡᠷᠡᠯ ᠠᠪᠤᠭᠰᠠᠨ ᠠᠷᠠᠯᠵᠢᠶᠠᠨ ᠤ ᠪᠠᠩᠬᠢᠨ ᠤ 900 ᠭᠠᠷᠤᠢ ᠠᠵᠢᠯᠲᠠᠨ ᠬᠠᠮᠤᠷᠤᠭᠳᠠᠭᠰᠠᠨ ᠠᠴᠠ 770 ᠠᠵᠢᠯᠲᠠᠨ ᠲᠡᠩᠴᠡᠵᠦ ᠳᠠᠭᠠᠳᠬᠠᠯ ᠤᠨ ᠵᠠᠭᠤᠴᠢᠯᠠᠯ ᠤᠨ ᠦᠢᠯᠡ ᠠᠵᠢᠯᠯᠠᠭ᠎ᠠ ᠬᠢᠬᠦ ᠡᠷᠬᠡ ᠲᠡᠢ ᠪᠣᠯᠤᠭᠰᠠᠨ᠃

ᠰᠡᠳᠬᠢᠭᠳᠡᠯ ᠦᠯᠡᠳᠡᠭᠡᠬᠦ