ᠮᠣᠩᠭᠣᠯ ᠤᠯᠤᠰ ᠤᠨ ᠮᠥᠩᠭᠥ ᠤᠬᠢᠶᠠᠬᠤ ᠪᠣᠯᠤᠨ ᠲᠧᠷᠷᠣᠷᠢᠰᠮ ᠢ ᠰᠠᠩᠬᠦᠵᠢᠭᠦᠯᠬᠦ ᠲᠡᠢ ᠲᠡᠮᠡᠴᠡᠬᠦ ᠲᠣᠭᠲᠠᠯᠴᠠᠭ᠎ᠠ ᠶᠢ ᠪᠡᠬᠢᠵᠢᠭᠦᠯᠬᠦ᠂ ᠬᠥᠭᠵᠢᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠳᠠᠭ᠂ ᠲᠧᠭᠨᠢᠭ ᠲᠤᠰᠠᠯᠠᠯᠴᠠᠭ᠎ᠠ᠂ ᠳᠡᠮᠵᠢᠯᠭᠡ ᠦᠵᠡᠭᠦᠯᠳᠡᠭ ᠣᠯᠠᠨ ᠤᠯᠤᠰ ᠤᠨ ᠳ᠋ᠣᠨᠤᠷ ᠪᠠᠶᠢᠭᠤᠯᠤᠯᠭ᠎ᠠ᠂ ᠭᠠᠳᠠᠭᠠᠳᠤ ᠶᠢᠨ ᠡᠯᠴᠢᠨ ᠰᠠᠶᠢᠳ ᠤᠨ ᠶᠠᠮᠤᠳ ᠪᠣᠯᠤᠨ ᠬᠠᠮᠲᠤ ᠶᠢᠨ ᠠᠵᠢᠯᠯᠠᠭᠠᠨ ᠤ ᠵᠥᠪᠯᠡᠯ ᠦᠨ ᠭᠡᠰᠢᠭᠦᠨ ᠪᠠᠶᠢᠭᠤᠯᠤᠯᠭ᠎ᠠ ᠶᠢᠨ ᠲᠥᠯᠥᠭᠡᠯᠡᠯ ᠣᠷᠣᠯᠴᠠᠭᠰᠠᠨ ᠬᠠᠮᠲᠤ ᠶᠢᠨ ᠠᠵᠢᠯᠯᠠᠭᠠᠨ ᠤ ᠪᠦᠯᠦᠭ ᠦᠨ ᠡᠭᠡᠯᠵᠢᠲᠦ ᠬᠤᠷᠠᠯ 2019 ᠣᠨ ᠤ 8 ᠳ᠋ᠤᠭᠠᠷ ᠰᠠᠷ᠎ᠠ ᠶᠢᠨ 7᠍ ᠤ ᠡᠳᠦᠷ ᠪᠣᠯᠤᠯ᠎ᠠ᠃
ᠬᠤᠷᠠᠯ ᠳᠤ ᠮᠣᠩᠭᠣᠯ ᠪᠠᠩᠬᠢ᠂ ᠰᠠᠩᠬᠦᠦ ᠶᠢᠨ ᠵᠤᠬᠢᠴᠠᠭᠤᠯᠬᠤ ᠬᠤᠷᠢᠶ᠎ᠠ᠂ ᠰᠠᠩᠬᠦᠦ ᠶᠢᠨ ᠮᠡᠳᠡᠭᠡᠯᠡᠯ ᠦᠨ ᠠᠯᠪᠠ᠂ ᠠᠽᠢᠶ᠎ᠠ ᠶᠢᠨ ᠬᠦᠭᠵᠢᠯ ᠦᠨ ᠪᠠᠩᠭᠢ᠂ ᠳᠡᠯᠡᠬᠡᠢ ᠶᠢᠨ ᠪᠠᠩᠭᠢ᠂ ᠣᠯᠠᠨ ᠤᠯᠤᠰ ᠤᠨ ᠸᠠᠯᠢᠶᠤᠲ ᠤᠨ ᠰᠠᠩ᠂ ᠧᠦ᠋ᠷᠣᠫᠠ ᠶᠢᠨ ᠰᠡᠷᠭᠦᠭᠡᠨ ᠪᠣᠰᠬᠠᠯᠲᠠ ᠬᠥᠭᠵᠢᠯ ᠦᠨ ᠪᠠᠩᠬᠢ ᠵᠡᠷᠭᠡ ᠣᠯᠠᠨ ᠤᠯᠤᠰ ᠤᠨ ᠪᠠᠶᠢᠭᠤᠯᠤᠯᠭ᠎ᠠ᠂ ᠠᠦᠢᠰᠲᠷᠠᠯᠢᠶ᠎ᠠ᠂ ᠠᠮᠧᠷᠢᠺᠠ ᠶᠢᠨ ᠨᠢᠭᠡᠳᠦᠭᠰᠡᠨ ᠤᠯᠤᠰ᠂ ᠶᠡᠬᠡ ᠪᠷᠢᠲ᠋ᠠᠨᠢ ᠤᠮᠠᠷᠠᠳᠤ ᠢᠷᠯᠠᠨᠳ᠋ ᠤᠨ ᠨᠢᠭᠡᠳᠦᠭᠰᠡᠨ ᠸᠠᠩᠲᠤ ᠤᠯᠤᠰ᠂ ᠶᠠᠫᠣᠨ ᠵᠡᠷᠭᠡ ᠤᠯᠤᠰ ᠤᠨ ᠡᠯᠴᠢᠨ ᠰᠠᠶᠢᠳ ᠤᠨ ᠶᠠᠮᠤᠨ ᠤ ᠲᠥᠯᠥᠭᠡᠯᠡᠯ ᠤᠷᠤᠯᠴᠠᠪᠠ᠃ ᠬᠤᠷᠠᠯ ᠢᠶᠠᠷ ᠠᠽᠢᠶ᠎ᠠ ᠨᠣᠮᠣᠬᠠᠨ ᠳᠠᠯᠠᠢ ᠶᠢᠨ ᠪᠥᠰᠡ ᠶᠢᠨ ᠮᠥᠩᠭᠥ ᠤᠬᠢᠶᠠᠬᠤ ᠪᠣᠯᠤᠨ ᠲᠧᠷᠷᠣᠷᠢᠰᠮ ᠢ ᠰᠠᠩᠬᠦᠦᠵᠢᠭᠦᠯᠬᠦ ᠲᠡᠢ ᠲᠡᠮᠡᠴᠡᠬᠦ ᠪᠠᠶᠢᠭᠤᠯᠤᠯᠭ᠎ᠠ ᠶᠢᠨ ᠵᠢᠯ ᠦᠨ ᠬᠤᠷᠠᠯ ᠳᠤ ᠤᠷᠤᠯᠴᠠᠬᠤ ᠪᠡᠯᠡᠳᠭᠡᠯ ᠠᠵᠢᠯ᠂ ᠬᠠᠷᠢᠯᠴᠠᠨ ᠦᠨᠡᠯᠡᠭᠡᠨ ᠦ ᠲᠧᠭᠨᠢᠭ ᠦᠨ ᠬᠡᠷᠡᠭᠵᠢᠯᠲᠡ ᠶᠢ ᠰᠠᠶᠢᠵᠢᠷᠠᠭᠤᠯᠬᠤ ᠲᠠᠶᠢᠯᠤᠨ ᠤ ᠶᠠᠪᠤᠴᠠ᠂ ᠡᠮᠦᠨᠡᠬᠢ ᠬᠤᠷᠠᠯ ᠠᠴᠠ ᠬᠣᠶᠢᠰᠢ ᠬᠡᠷᠡᠭᠵᠢᠭᠦᠯᠦᠭᠰᠡᠨ ᠠᠵᠢᠯ ᠢᠶᠠᠨ ᠲᠠᠨᠢᠯᠴᠠᠭᠤᠯᠵᠤ᠂ ᠲᠣᠭᠲᠠᠯᠴᠠᠭ᠎ᠠ ᠶᠢ ᠬᠥᠭᠵᠢᠭᠦᠯᠬᠦ ᠵᠣᠷᠢᠯᠭ᠎ᠠ ᠪᠠᠷ ᠣᠯᠠᠨ ᠤᠯᠤᠰ ᠤᠨ ᠪᠠᠶᠢᠭᠤᠯᠤᠯᠭ᠎ᠠ᠂ ᠭᠠᠳᠠᠭᠠᠳᠤ ᠤᠯᠤᠰ ᠣᠷᠣᠨ ᠤ ᠲᠤᠰᠠᠯᠠᠮᠵᠢ ᠶᠢ ᠬᠡᠷᠬᠢᠨ ᠣᠨᠣᠪᠴᠢᠲᠠᠢ ᠬᠡᠷᠡᠭᠵᠢᠭᠦᠯᠬᠦ ᠲᠠᠯ᠎ᠠ ᠪᠠᠷ ᠰᠠᠨᠠᠯ ᠪᠣᠳᠣᠯ ᠢᠶᠠᠨ ᠰᠤᠯᠢᠯᠴᠠᠪᠠ᠃