ᠬᠣᠪᠳᠣ ᠧᠦ᠋ᠷᠣᠫᠠ ᠶᠢᠨ ᠬᠣᠯᠪᠣᠭ᠎ᠠ ᠲᠠᠢ ᠬᠠᠮᠲᠤᠷᠠᠨ ᠠᠵᠢᠯᠯᠠᠨ᠎ᠠ  | News.MN

ᠬᠣᠪᠳᠣ ᠧᠦ᠋ᠷᠣᠫᠠ ᠶᠢᠨ ᠬᠣᠯᠪᠣᠭ᠎ᠠ ᠲᠠᠢ ᠬᠠᠮᠲᠤᠷᠠᠨ ᠠᠵᠢᠯᠯᠠᠨ᠎ᠠ 

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠵᠤ ᠦᠢᠯᠡᠳᠪᠦᠷᠢ ᠶᠢᠨ ᠬᠥᠭᠵᠢᠯ ᠦᠨ ᠪᠠᠶᠢᠭᠤᠯᠤᠯᠭ᠎ᠠ  ᠨᠢ ︽ᠮᠣᠩᠭᠣᠯ ᠤᠯᠤᠰ ᠲᠤ ᠬᠥᠳᠡᠯᠮᠦᠷᠢ ᠡᠷᠬᠢᠯᠡᠯᠲᠡ ᠶᠢ ᠳᠡᠮᠵᠢᠬᠦ ︾ ᠲᠥᠰᠥᠯ ᠢ ᠧᠦ᠋ᠷᠣᠫᠠ ᠶᠢᠨ ᠬᠣᠯᠪᠣᠭᠠᠨ ᠤ  ᠰᠠᠩᠬᠦᠦᠵᠢᠯᠲᠡ ᠪᠡᠷ ᠬᠡᠷᠡᠭᠵᠢᠭᠦᠯᠵᠦ ᠪᠠᠶᠢᠨ᠎ᠠ᠃ ᠲᠥᠰᠥᠯ ᠦᠨ ᠬᠦᠷᠢᠶᠡᠨ ᠳᠦ ᠬᠣᠪᠳᠣ ᠠᠶᠢᠮᠠᠭ ᠤᠨ  ︽ᠠᠯᠲᠠᠢ ᠶᠢᠨ ᠠᠭᠤᠯᠠᠰ ᠤᠨ ᠣᠷᠭᠢᠯ︾ ᠮᠠᠯᠴᠢᠳ ᠤᠨ ᠳᠤᠮᠳᠠ ᠶᠢᠨ ᠬᠣᠷᠰᠢᠶ᠎ᠠ ᠲᠠᠢ ᠬᠠᠮᠲᠤᠷᠠᠨ ᠡᠨᠡ 6  ᠳ᠋ᠤᠭᠠᠷ ᠰᠠᠷ᠎ᠠ ᠠᠴᠠ ᠡᠬᠢᠯᠡᠨ ︽ᠬᠣᠨᠢᠨ ᠤ ᠨᠣᠣᠰᠣᠨ ᠤ ᠴᠢᠨᠠᠷ ᠰᠠᠶᠢᠵᠢᠷᠠᠭᠤᠯᠬᠤ︾ ᠳᠡᠳ᠋ ᠲᠥᠰᠥᠯ ᠢ ᠬᠡᠷᠡᠭᠵᠢᠭᠦᠯᠵᠦ ᠡᠬᠢᠯᠡᠭᠰᠡᠨ᠃

ᠲᠤᠰ ᠲᠥᠰᠥᠯ ᠦᠨ ᠱᠤᠭᠤᠮ ᠢᠶᠠᠷ ᠬᠣᠪᠳᠣ ᠠᠶᠢᠮᠠᠭ ᠲᠤ ᠠᠵᠢᠯᠯᠠᠵᠤ ᠪᠤᠢ ᠧᠦ᠋ᠷᠣᠫᠠ ᠶᠢᠨ ᠬᠣᠯᠪᠣᠭᠠᠨ ᠤ ᠬᠠᠮᠲᠤ ᠶᠢᠨ ᠠᠵᠢᠯᠯᠠᠭᠠᠨ ᠤ ᠬᠡᠯᠲᠡᠰ ᠦᠨ ᠳᠠᠷᠤᠭ᠎ᠠ ᠫᠢᠶᠧᠷ ᠶᠸᠪ ᠯᠢᠦ᠋ᠺᠠ ᠪᠣᠯᠤᠨ ᠲᠥᠰᠥᠯ ᠦᠨ ᠵᠣᠬᠢᠴᠠᠭᠤᠯᠤᠭᠴᠢ ᠭ∙ᠮᠥᠩᠬᠡᠪᠣᠯᠣᠷ ᠨᠠᠷ ᠢ ᠠᠶᠢᠮᠠᠭ ᠤᠨ ᠵᠠᠰᠠᠭ ᠳᠠᠷᠤᠭ᠎ᠠ ᠪᠣᠯᠤᠨ ᠬᠣᠯᠪᠣᠭᠳᠠᠬᠤ ᠪᠠᠶᠢᠭᠤᠯᠤᠯᠭ᠎ᠠ ᠶᠢᠨ ᠤᠳᠤᠷᠢᠳᠤᠯᠭ᠎ᠠ ᠨᠠᠷ ᠬᠦᠯᠢᠶᠡᠨ ᠠᠪᠴᠤ ᠠᠭᠤᠯᠵᠠᠯ᠎ᠠ᠃ ᠮᠥᠨ SECIM 2 ᠲᠥᠰᠥᠯ ᠦᠨ ᠬᠦᠷᠢᠶᠡᠨ ᠳᠦ ᠣᠷᠣᠨ ᠨᠤᠲᠤᠭ ᠤᠨ ᠵᠠᠯᠠᠭᠤᠴᠤᠳ ᠤᠨ ᠬᠥᠳᠡᠯᠮᠦᠷᠢ ᠡᠷᠬᠢᠯᠡᠯᠲᠡ ᠶᠢ ᠳᠡᠮᠵᠢᠵᠦ᠂ ᠠᠵᠢᠯ ᠤᠨ ᠪᠠᠶᠢᠷᠢ ᠶᠢ ᠨᠡᠮᠡᠭᠳᠡᠭᠦᠯᠬᠦ᠂ ᠮᠢᠬ᠎ᠠ᠂ ᠮᠢᠬᠠᠨ ᠪᠦᠲᠦᠭᠡᠭᠳᠡᠬᠦᠨ᠂ ᠠᠷᠠᠰᠤ ᠰᠢᠷᠢ ᠪᠣᠯᠪᠠᠰᠤᠷᠠᠭᠤᠯᠬᠤ᠂ ᠲᠡᠵᠢᠭᠡᠯ ᠦᠨ ᠦᠢᠯᠡᠳᠪᠦᠷᠢ ᠪᠠᠶᠢᠭᠤᠯᠬᠤ ᠳᠤ ᠳᠡᠮᠵᠢᠯᠭᠡ ᠦᠵᠡᠭᠦᠯᠬᠦ ᠵᠡᠷᠭᠡ ᠬᠥᠳᠡᠭᠡ᠂ ᠠᠵᠤ ᠠᠬᠤᠢ ᠶᠢᠨ ᠴᠢᠭᠯᠡᠯ ᠢᠶᠡᠷ ᠴᠠᠭᠠᠰᠢᠳᠠ ᠬᠡᠷᠬᠢᠨ ᠬᠠᠮᠲᠤᠷᠠᠵᠤ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠵᠤ᠂ ᠧᠦ᠋ᠷᠣᠫᠠ ᠶᠢᠨ ᠬᠣᠯᠪᠣᠭᠠᠨ ᠤ ᠬᠥᠷᠥᠩᠭᠡ ᠣᠷᠣᠭᠤᠯᠤᠯᠲᠠ ᠶᠢᠨ ᠰᠲᠷᠠᠲ᠋ᠧᠭᠢ ᠲᠥᠯᠦᠪᠯᠡᠭᠡᠨ ᠳᠦ ᠲᠤᠰᠬᠠᠭᠤᠯᠬᠤ ᠲᠥᠰᠥᠯ ᠦᠨ ᠰᠠᠨᠠᠯ ᠢ ᠢᠯᠡᠭᠡᠬᠦ ᠪᠡᠷ ᠪᠣᠯᠤᠯ᠎ᠠ᠃

ᠰᠡᠳᠬᠢᠭᠳᠡᠯ ᠦᠯᠡᠳᠡᠭᠡᠬᠦ