The Hu ᠬᠠᠮᠲᠤᠯᠢᠭ ᠰᠤᠶᠤᠯ ᠤᠨ ᠡᠯᠴᠢ ᠪᠣᠯᠤᠯ᠎ᠠ  | News.MN

The Hu ᠬᠠᠮᠲᠤᠯᠢᠭ ᠰᠤᠶᠤᠯ ᠤᠨ ᠡᠯᠴᠢ ᠪᠣᠯᠤᠯ᠎ᠠ 

︽ᠾᠦᠩᠨᠤ︾ ᠷᠣᠺ ᠤᠷᠤᠰᠬᠠᠯ ᠢ ᠳᠡᠯᠡᠬᠡᠢ ᠳᠦ ᠲᠠᠨᠢᠭᠤᠯᠵᠤ ᠪᠤᠢ The Hu ᠬᠠᠮᠲᠤᠯᠢᠭ ᠤᠨ ᠳᠠᠭᠤᠤ ᠨᠤᠭᠤᠳ Billboard ᠍ ᠤᠨ ᠵᠢᠭᠰᠠᠭᠠᠯᠲᠠ ᠳᠤ ᠪᠠᠭᠲᠠᠵᠤ ᠂ ︽ᠰᠢᠯᠢᠳᠡᠭ ᠪᠣᠷᠣᠯᠠᠭᠤᠯᠤᠯᠲᠠ ᠲᠠᠢ  ᠾᠠᠷᠳ᠋ ᠷᠣᠺ ᠳᠠᠭᠤᠤ ᠨᠤᠭᠤᠳ︾᠍ ᠤᠨ ᠵᠢᠭᠰᠠᠭᠠᠯᠲᠠ ᠶᠢ ᠲᠡᠷᠢᠭᠦᠯᠡᠵᠦ ᠪᠠᠶᠢᠭ᠎ᠠ ᠪᠢᠯᠡ᠃ ᠭᠠᠳᠠᠭᠠᠳᠤ ᠬᠠᠷᠢᠯᠴᠠᠭᠠᠨ ᠤ ᠶᠠᠮᠤᠨ ᠠᠴᠠ The Hu ᠬᠠᠮᠲᠤᠯᠢᠭ ᠢ ᠮᠣᠩᠭᠣᠯ ᠤᠯᠤᠰ ᠤᠨ ᠰᠤᠶᠤᠯ ᠤᠨ ᠡᠯᠴᠢ ᠪᠡᠷ ᠲᠣᠮᠢᠯᠠᠵᠤ᠂ ᠥᠴᠥᠭᠡᠳᠦᠷ ︵2019.08.10︶ ᠡᠷᠭᠦᠮᠵᠢᠯᠡᠯ ᠭᠠᠷᠳᠠᠭᠤᠯᠤᠭᠰᠠᠨ ᠪᠠᠶᠢᠨ᠎ᠠ᠃ ᠡᠨᠡᠬᠦ ᠬᠦᠨᠳᠦ ᠲᠡᠢ ᠡᠷᠭᠦᠮᠵᠢᠯᠡᠯ ᠢ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠭᠠᠷᠳᠠᠭᠤᠯᠤᠨ ᠥᠭᠴᠦ᠂ ᠮᠣᠩᠭᠣᠯ ᠤᠨ ᠷᠣᠺ ᠶᠢᠷᠲᠢᠨᠴᠦ ᠶᠢᠨ ᠡᠭᠦᠳᠡ ᠬᠠᠭᠠᠯᠭ᠎ᠠ ᠶᠢ ᠳᠡᠯᠡᠬᠡᠢ ᠳᠦ ᠨᠡᠭᠡᠭᠡᠵᠦ ᠥᠭᠭᠦᠭᠰᠡᠨ ᠬᠠᠮᠲᠤᠯᠢᠭ ᠤᠨ ᠬᠢᠨ ᠳᠤ ᠲᠠᠯᠠᠷᠬᠠᠯ ᠢᠯᠡᠷᠬᠡᠶᠢᠯᠡᠵᠡᠢ᠃
ᠮᠣᠩᠭᠣᠯ ᠤᠯᠤᠰ ᠤᠨ ᠰᠤᠶᠤᠯ ᠤᠨ ᠡᠯᠴᠢ ᠨᠢ ᠮᠣᠩᠭᠣᠯ ᠤᠨ ᠲᠡᠦᠬᠡ ᠰᠤᠶᠤᠯ᠂ ᠤᠷᠠᠯᠢᠭ ᠢ ᠭᠠᠳᠠᠭᠠᠳᠤ ᠣᠷᠣᠨ ᠳᠤ ᠲᠠᠨᠢᠯᠴᠠᠭᠤᠯᠬᠤ᠂ ᠰᠢᠨᠵᠢᠯᠡᠬᠦ ᠤᠬᠠᠭᠠᠨ᠂ ᠰᠫᠣᠷᠲ᠂ ᠬᠦᠮᠦᠯᠢᠭ ᠦᠨ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ᠂ ᠠᠵᠢᠯ ᠬᠡᠷᠡᠭᠴᠢ ᠬᠦᠮᠦᠰ ᠪᠣᠯᠤᠨ ᠢᠷᠭᠡᠳ ᠬᠠᠮᠲᠤᠷᠠᠨ ᠠᠵᠢᠯᠯᠠᠬᠤ ᠳᠤ ᠳᠡᠮᠵᠢᠯᠭᠡ ᠦᠵᠡᠭᠦᠯᠬᠦ ᠡᠭᠦᠷᠭᠡ ᠲᠡᠢ ᠶᠤᠮ᠃

ᠰᠡᠳᠬᠢᠭᠳᠡᠯ ᠦᠯᠡᠳᠡᠭᠡᠬᠦ