ᠮᠣᠩᠭᠣᠯ ᠤᠯᠤᠰ ᠤᠨ ᠭᠠᠳᠠᠭᠠᠳᠤ ᠬᠤᠳᠠᠯᠳᠤᠭᠠᠨ ᠤ ᠨᠥᠬᠥᠴᠡᠯ ᠡᠨᠡ ᠣᠨ ᠤ ᠡᠬᠢᠨ ᠦ ᠳᠣᠯᠣᠭᠠᠨ ᠰᠠᠷ᠎ᠠ ᠶᠢᠨ ᠪᠠᠶᠢᠳᠠᠯ ᠢᠶᠠᠷ ᠶᠠᠮᠠᠷ ᠪᠠᠶᠢᠭᠰᠠᠨ ᠢ ᠭᠠᠶᠢᠯᠢ ᠶᠢᠨ ᠶᠡᠷᠦᠩᠬᠡᠢ ᠭᠠᠵᠠᠷ ᠤᠨ ᠮᠡᠳᠡᠭᠡᠯᠡᠯ ᠳᠦ ᠲᠤᠯᠭᠠᠭᠤᠷᠢᠯᠠᠨ ᠬᠦᠷᠭᠡᠶ᠎ᠡ᠃ ᠡᠨᠡ ᠬᠤᠭᠤᠴᠠᠭᠠᠨ ᠳᠤ ᠭᠠᠳᠠᠭᠠᠳᠤ ᠬᠤᠳᠠᠯᠳᠤᠭᠠᠨ ᠤ ᠡᠷᠭᠢᠯᠲᠡ ᠨᠠᠢᠮᠠᠨ ᠲᠡᠷᠪᠤᠮ ᠳ᠋ᠣᠯᠯᠠᠷ ᠪᠣᠯᠵᠠᠢ᠃ ᠡᠨᠡ ᠨᠢ ᠥᠩᠭᠡᠷᠡᠭᠰᠡᠨ ᠣᠨ ᠤ ᠮᠥᠨ ᠦᠶ᠎ᠡ ᠡᠴᠡ 9.4 ᠬᠤᠪᠢ ᠪᠠᠷ ᠥᠰᠦᠭᠰᠡᠨ ᠳ᠋ᠦᠩ ᠶᠤᠮ᠃ ᠡᠭᠦᠨ ᠡᠴᠡ ᠡᠺᠰᠫᠣᠷᠲ 400 ᠰᠠᠶ᠎ᠠ ᠳ᠋ᠣᠯᠯᠠᠷ ᠢᠶᠠᠷ ᠦᠰᠴᠦ᠂ ᠳᠥᠷᠪᠡᠨ ᠲᠡᠷᠪᠤᠮ ᠳ᠋ᠣᠯᠯᠠᠷ ᠪᠣᠯᠪᠠ᠃ ᠲᠡᠭᠡᠪᠡᠯ ᠢᠮᠫᠣᠷᠲ 241.5 ᠰᠠᠶ᠎ᠠ ᠳ᠋ᠣᠯᠯᠠᠷ ᠢᠶᠠᠷ ᠥᠰᠴᠦ᠂ 3.5 ᠲᠡᠷᠪᠤᠮ ᠳ᠋ᠣᠯᠯᠠᠷ ᠲᠤ ᠬᠦᠷᠴᠡᠢ᠃ ᠢᠩᠭᠢᠬᠦ ᠪᠡᠷ ᠭᠠᠳᠠᠭᠠᠳᠤ ᠬᠤᠳᠠᠯᠳᠤᠭᠠᠨ ᠤ ᠲᠡᠩᠴᠡᠯ ᠲᠡᠷᠪᠤᠮ ᠳ᠋ᠣᠯᠯᠠᠷ ᠤᠨ ᠠᠰᠢᠭ ᠲᠠᠢ ᠭᠠᠷᠴᠠᠢ᠃ ᠡᠺᠰᠫᠣᠷᠲ ᠤᠨ ᠭᠣᠣᠯ ᠨᠡᠷ᠎ᠡ ᠶᠢᠨ ᠪᠦᠲᠦᠭᠡᠭᠳᠡᠬᠦᠨ ᠦ ᠬᠤᠳᠠᠯᠳᠤᠭ᠎ᠠ ᠶᠢ ᠰᠣᠨᠢᠷᠬᠠᠶ᠎ᠠ᠃ ᠨᠡᠭᠦᠷᠡᠰᠦᠨ ᠦ ᠡᠺᠰᠫᠣᠷᠲ ᠡᠨᠡ ᠬᠤᠭᠤᠴᠠᠭᠠᠨ ᠳᠤ 20.8 ᠰᠠᠶ᠎ᠠ ᠲᠣᠨ ᠳᠤ ᠬᠦᠷᠴᠡᠢ᠃ ᠡᠨᠡ ᠨᠢ ᠥᠩᠭᠡᠷᠡᠭᠰᠡᠨ ᠣᠨ ᠤ ᠮᠥᠨ ᠦᠶ᠎ᠡ ᠡᠴᠡ 10 ᠮᠢᠩᠭᠠᠨ ᠲᠤᠨ ᠪᠠᠭ᠎ᠠ ᠪᠠᠶᠢᠭ᠎ᠠ ᠶᠤᠮ᠃ ᠲᠡᠭᠡᠪᠡᠯ ᠵᠡᠰ ᠦᠨ ᠪᠠᠶᠠᠵᠢᠮᠠᠯ ᠤᠨ ᠡᠺᠰᠫᠣᠷᠲ 867.7 ᠮᠢᠩᠭᠠᠨ ᠲᠤᠨ ᠳᠦ ᠬᠦᠷᠴᠦ ᠥᠩᠭᠡᠷᠡᠭᠰᠡᠨ ᠣᠨ ᠤ ᠮᠥᠨ ᠦᠶ᠎ᠡ ᠡᠴᠡ 19.0 ᠮᠢᠩᠭᠠᠨ ᠲᠣᠨ ᠢᠶᠠᠷ ᠨᠡᠮᠡᠭᠳᠡᠵᠡᠢ᠃
ᠳᠠᠰᠢᠷᠠᠮ ᠳᠤ ᠳᠤᠷᠠᠳᠬᠤ ᠳᠤ᠂ ᠮᠣᠩᠭᠣᠯ ᠤᠯᠤᠰ ᠡᠨᠡ ᠣᠨ ᠳᠤ 42 ᠰᠠᠶ᠎ᠠ ᠲᠣᠨ ᠨᠡᠭᠦᠷᠡᠰᠦ ᠡᠺᠰᠫᠣᠷᠲᠯᠠᠵᠤ᠂ 1.3 ᠶᠡᠬᠡ ᠨᠠᠶᠤᠳ ᠲᠥᠭᠥᠷᠢᠭ ᠦᠨ ᠣᠷᠣᠯᠭ᠎ᠠ ᠣᠯᠬᠤ ᠪᠠᠷ ᠲᠥᠯᠥᠪᠯᠡᠭᠡᠳ ᠪᠤᠢ᠃ ᠲᠡᠭᠦᠨᠴᠢᠯᠡᠨ ᠠᠭᠤᠯᠠ ᠠᠭᠤᠷᠬᠠᠢ ᠠᠴᠠ ᠤᠯᠤᠰ ᠤᠨ ᠲᠥᠰᠥᠪ ᠲᠦ ᠭᠤᠷᠪᠠᠨ ᠶᠡᠬᠡ ᠨᠠᠶᠤᠳ ᠲᠥᠭᠥᠷᠢᠭ ᠲᠥᠪᠯᠡᠷᠡᠭᠦᠯᠬᠦ ᠪᠡᠷ ᠲᠣᠭᠠᠴᠠᠭᠰᠠᠨ ᠶᠤᠮ᠃