ᠠᠬ᠎ᠠ ᠳᠡᠭᠦᠦ ᠬᠣᠶᠠᠷ ᠠᠯᠲᠠᠨ ᠮᠧᠳᠠᠯ ᠬᠦᠷᠲᠡᠪᠡ | News.MN

ᠠᠬ᠎ᠠ ᠳᠡᠭᠦᠦ ᠬᠣᠶᠠᠷ ᠠᠯᠲᠠᠨ ᠮᠧᠳᠠᠯ ᠬᠦᠷᠲᠡᠪᠡ

ᠠᠬ᠎ᠠ ᠳᠡᠭᠦᠦ ᠬᠣᠶᠠᠷ ︽ᠳᠡᠯᠡᠬᠡᠢ ᠶᠢᠨ ᠣᠶᠤᠨ ᠤ ᠰᠫᠣᠷᠲ ᠤᠨ ᠶᠡᠬᠡ ᠨᠠᠭᠠᠳᠤᠮ︾ ᠠᠴᠠ ᠠᠯᠲᠠᠨ ᠮᠧᠳᠠᠯ  ᠬᠦᠷᠲᠡᠵᠦ᠂ ᠭᠠᠨᠵᠤᠭ᠎ᠠ ᠳᠦᠭᠦᠷᠡᠩ ᠡᠬᠡ ᠣᠷᠣᠨ ᠳᠤ ᠪᠠᠨ ᠢᠷᠡᠯ᠎ᠡ᠃ ᠡᠨᠡ ᠰᠠᠷ᠎ᠠ ᠶᠢᠨ 10-11 ᠍ ᠳᠦ  ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠤᠨ ᠫᠶᠤᠨᠴᠤᠨ ᠬᠤᠲᠠ ᠳᠤ ᠵᠣᠬᠢᠶᠠᠭᠳᠠᠭᠰᠠᠨ ᠤᠭ ᠨᠠᠭᠠᠳᠤᠮ ᠳᠤ 17 ᠤᠯᠤᠰ ᠤᠨ 1500 ᠭᠠᠷᠤᠢ ᠥᠰᠪᠦᠷᠢ ᠶᠢᠨ ᠲᠠᠮᠢᠷᠴᠢᠨ ᠣᠷᠣᠯᠴᠠᠭᠰᠠᠨ ᠠᠴᠠ ᠰᠡᠯᠡᠩᠭᠡ ᠠᠶᠢᠮᠠᠭ ᠤᠨ ᠰᠦᠬᠡᠪᠠᠭᠠᠲᠤᠷ ᠰᠤᠮᠤ ᠶᠢᠨ ᠤᠯᠤᠰ ᠤᠨ ᠲᠡᠷᠢᠭᠦᠨ ᠦ ᠶᠡᠷᠦᠩᠬᠡᠢ ᠪᠣᠯᠪᠠᠰᠤᠷᠠᠯ ᠤᠨ ᠬᠣᠶᠠᠳᠤᠭᠠᠷ ᠰᠤᠷᠭᠠᠭᠤᠯᠢ ᠶᠢᠨ ᠰᠤᠷᠤᠭᠴᠢ᠂ ︽ᠲᠠᠪᠤᠨ ᠬᠠᠨ︾ ᠰᠢᠲᠠᠷ᠎ᠠ ᠶᠢᠨ ᠺᠯᠦ᠋ᠪ  ᠦᠨ ᠲᠠᠮᠢᠷᠴᠢᠨ᠂ ᠣᠯᠠᠨ ᠤᠯᠤᠰ ᠤᠨ ᠳᠡᠳ᠋ ᠮᠠᠰᠲ᠋ᠸᠷ ᠳ∙ᠴᠡᠯᠮᠡᠭᠦᠨ 10 ᠬᠦᠷᠲᠡᠯᠡᠬᠢ ᠨᠠᠰᠤᠨ ᠳᠤ ᠠᠯᠲᠠᠨ ᠮᠧᠳᠠᠯ᠂ ᠲᠡᠭᠦᠨ ᠦ ᠠᠬ᠎ᠠ ᠳ∙ᠴᠡᠩᠭᠡᠭᠦᠨ 12 ᠬᠦᠷᠲᠡᠯᠡᠬᠢ ᠨᠠᠰᠤᠨ ᠳᠤ ᠠᠯᠲᠠᠨ ᠮᠧᠳᠠᠯ ᠬᠦᠷᠲᠡᠪᠡ ᠃ ᠲᠡᠭᠦᠨᠴᠢᠯᠡᠨ ᠮᠠᠰᠲ᠋ᠸᠷ ᠠᠩᠭᠢᠯᠠᠯ ᠳᠤ 16 ᠨᠠᠰᠤ ᠬᠦᠷᠲᠡᠯᠡᠬᠢ ᠠᠩᠭᠢᠯᠠᠯ ᠳᠤ ᠱᠠᠩᠨᠠᠯᠲᠤ ᠳᠥᠷᠪᠡᠳᠦᠭᠡᠷ ᠪᠠᠶᠢᠷᠢ ᠳᠤ ᠲᠤᠰ ᠲᠤᠰ ᠰᠢᠯᠭᠠᠷᠠᠯ᠎ᠠ᠃

ᠰᠡᠳᠬᠢᠭᠳᠡᠯ ᠦᠯᠡᠳᠡᠭᠡᠬᠦ