ᠪ∙ᠴᠣᠯᠮᠣᠨ ᠬᠦᠦ ᠲᠠᠶᠢᠯᠠᠨᠳ᠋ ᠲᠤ ᠲᠡᠷᠢᠭᠦᠯᠡᠵᠡᠢ  | News.MN

ᠪ∙ᠴᠣᠯᠮᠣᠨ ᠬᠦᠦ ᠲᠠᠶᠢᠯᠠᠨᠳ᠋ ᠲᠤ ᠲᠡᠷᠢᠭᠦᠯᠡᠵᠡᠢ 

ᠲᠠᠶᠢᠯᠠᠨᠳ᠋ ᠤᠯᠤᠰ ᠲᠤ ᠵᠣᠬᠢᠶᠠᠭᠳᠠᠭᠰᠠᠨ ᠵᠡᠭᠦᠨ ᠠᠽᠢᠶ᠎ᠠ ᠶᠢᠨ ᠥᠰᠪᠦᠷᠢ ᠶᠢᠨ ᠰᠢᠲᠠᠷᠠᠴᠢᠳ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠰᠡᠯᠡᠩᠭᠡ ᠠᠶᠢᠮᠠᠭ ᠤᠨ ᠰᠦᠬᠡᠪᠠᠭᠠᠲᠤᠷ ᠰᠤᠮᠤ ᠶᠢᠨ ᠤᠯᠤᠰ ᠤᠨ ᠲᠡᠷᠢᠭᠦᠨ ᠦ ᠶᠡᠷᠦᠩᠬᠡᠢ ᠪᠣᠯᠪᠠᠰᠤᠷᠠᠯ ᠤᠨ ᠬᠣᠶᠠᠳᠤᠭᠠᠷ ᠰᠤᠷᠭᠠᠭᠤᠯᠢ ᠶᠢᠨ ᠰᠤᠷᠤᠭᠴᠢ᠂ ︽ᠲᠠᠪᠤᠨ ᠬᠠᠨ︾ ᠰᠢᠲᠠᠷ᠎ᠠ ᠶᠢᠨ ᠺᠯᠦ᠋ᠪ ᠤᠨ ᠲᠠᠮᠢᠷᠴᠢᠨ ᠪ∙ᠴᠣᠯᠮᠣᠨ ᠰᠲ᠋ᠠᠨᠳᠠᠷᠲ ᠲᠥᠷᠥᠯ ᠳᠦ ᠲᠦᠷᠦᠭᠦᠯᠡᠵᠦ᠂ ᠠᠯᠲᠠᠨ ᠮᠧᠳᠠᠯ ᠤᠨ ᠡᠵᠡᠨ ᠪᠣᠯᠵᠠᠢ᠃ ᠲᠡᠷᠡ ᠪᠡᠷ ᠡᠨᠡᠬᠦ ᠠᠮᠵᠢᠯᠲᠠ ᠪᠠᠷ ᠢᠶᠠᠨ ᠣᠯᠠᠨ ᠤᠯᠤᠰ ᠤᠨ ᠳᠡᠳ᠋ ᠮᠠᠰᠲ᠋ᠸᠷ ᠤᠨ ᠪᠣᠯᠵᠣᠯ ᠬᠠᠩᠭᠠᠭᠰᠠᠨ ᠪᠠᠶᠢᠨ᠎ᠠ᠃
ᠰᠡᠯᠡᠩᠭᠡ ᠠᠶᠢᠮᠠᠭ ᠤᠨ ᠪᠢᠴᠢᠬᠠᠨ ᠲᠠᠮᠢᠷᠴᠢᠳ ᠤᠭ ᠲᠡᠮᠡᠴᠡᠭᠡᠨ ᠦ  ᠰᠲ᠋ᠠᠨᠳᠠᠷᠲ ᠭᠤᠷᠪᠠᠨ ᠲᠥᠷᠥᠯ ᠡᠴᠡ ᠭᠤᠷᠪᠠᠨ ᠠᠯᠲᠠᠨ ᠮᠧᠳᠠᠯ ᠲᠤᠰ ᠲᠤᠰ ᠬᠦᠷᠲᠡᠭᠰᠡᠨ ᠪᠠᠶᠢᠨ᠎ᠠ᠃ ᠮᠥᠨ ᠲᠡᠮᠡᠴᠡᠭᠡᠨ ᠦ ᠰᠲ᠋ᠠᠨᠳᠠᠷᠲ ᠲᠥᠷᠥᠯ ᠳᠦ ᠰᠡᠯᠡᠩᠭᠡ ᠠᠶᠢᠮᠠᠭ ᠤᠨ ᠰᠦᠬᠡᠪᠠᠭᠠᠲᠤᠷ ᠰᠤᠮᠤ ᠶᠢᠨ  ᠬᠤᠶᠠᠳᠤᠭᠠᠷ ᠰᠤᠷᠭᠠᠭᠤᠯᠢ ᠶᠢᠨ ᠰᠤᠷᠤᠭᠴᠢ ᠪ∙ᠰᠡᠷᠭᠦᠯᠡᠩ ᠬᠦᠷᠡᠯ ᠮᠧᠳᠠᠯ ᠬᠦᠷᠲᠡᠭᠰᠡᠨ  ᠶᠤᠮ᠃

ᠰᠡᠳᠬᠢᠭᠳᠡᠯ ᠦᠯᠡᠳᠡᠭᠡᠬᠦ