ᠣᠯᠠᠨ ᠤᠯᠤᠰ ᠤᠨ ᠭᠡᠷᠡᠯ ᠵᠢᠷᠤᠭᠴᠢᠳ ᠳᠣᠷᠣᠨᠠᠲᠤ ᠪᠠᠷ ᠠᠶᠠᠯᠠᠨ᠎ᠠ  | News.MN

ᠣᠯᠠᠨ ᠤᠯᠤᠰ ᠤᠨ ᠭᠡᠷᠡᠯ ᠵᠢᠷᠤᠭᠴᠢᠳ ᠳᠣᠷᠣᠨᠠᠲᠤ ᠪᠠᠷ ᠠᠶᠠᠯᠠᠨ᠎ᠠ 

ᠭᠠᠳᠠᠭᠠᠳᠤ᠂ ᠳᠣᠲᠣᠭᠠᠳᠤ ᠶᠢᠨ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠶᠢᠨ ᠭᠡᠷᠡᠯ ᠵᠢᠷᠤᠭᠴᠢᠳ ᠢᠶᠠᠷ ᠳᠠᠮᠵᠢᠭᠤᠯᠤᠨ ᠥᠨᠥ ᠴᠠᠭ ᠤᠨ ᠮᠣᠩᠭᠣᠯ ᠣᠷᠣᠨ ᠢ ᠣᠯᠠᠨ ᠤᠯᠤᠰ ᠲᠤ ᠰᠤᠷᠲᠠᠯᠴᠢᠯᠠᠨ ᠲᠠᠨᠢᠭᠤᠯᠬᠤ᠂ ᠭᠠᠳᠠᠭᠠᠳᠤ ᠶᠢᠨ ᠲᠣᠮᠣᠬᠠᠨ ᠬᠡᠪᠯᠡᠯ ᠮᠡᠳᠡᠭᠡᠯᠡᠯ ᠦᠨ ᠠᠭᠧᠨᠲᠯᠢᠭ ᠤᠳ ᠤᠨ ᠠᠷᠬᠢᠪ ᠳᠠᠬᠢ ᠮᠣᠩᠭᠣᠯ ᠤᠯᠤᠰ ᠤᠨ ᠲᠤᠬᠠᠢ ᠲᠡᠦᠬᠡᠨ ᠭᠡᠷᠡᠯ ᠵᠢᠷᠤᠭ ᠢ ᠰᠢᠨᠡᠳᠭᠡᠬᠦ ᠵᠣᠷᠢᠯᠭ᠎ᠠ ᠲᠠᠢ ︽ᠥᠨᠥᠳᠥᠷ ᠦᠨ ᠮᠣᠩᠭᠣᠯ-2019︾ ᠬᠥᠲᠥᠯᠪᠦᠷᠢ ᠡᠬᠢᠯᠡᠯ᠎ᠡ᠃
ᠡᠨᠡ ᠤᠳᠠᠭ᠎ᠠ ᠶᠢᠨ ᠬᠥᠲᠥᠯᠪᠦᠷᠢ ᠳᠦ ᠮᠣᠩᠭᠣᠯ ᠤᠨ ᠰᠢᠯᠢᠳᠡᠭ ᠭᠡᠷᠡᠯ ᠵᠢᠷᠤᠭᠴᠢᠳ ᠠᠴᠠ ᠭᠠᠳᠠᠨ᠎ᠠ ᠣᠷᠣᠰ  ᠤᠨ ᠷᠢᠶ᠎ᠠ ᠨᠣᠪᠣᠰᠲ᠋ᠢ᠂ ᠲᠠᠰᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠰᠢᠨᠬᠤᠸᠠ᠂ ᠶᠠᠫᠣᠨ ᠤ  ᠲᠤᠤᠺᠢᠤ᠋ ᠨᠢᠶᠦ᠋ᠰ᠂ ᠺᠣᠪᠧᠱᠢᠨᠪᠦᠨ᠂ ᠪᠦᠭᠦᠳᠡ ᠨᠠᠶᠢᠷᠠᠮᠳᠠᠬᠤ ᠲᠦᠷᠺ ᠤᠯᠤᠰ ᠤᠨ ᠠᠨᠠᠳᠣᠯᠣ᠂  ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠤᠨ ᠶᠣᠩᠬᠠᠫ ᠵᠡᠷᠭᠡ ᠬᠠᠮᠲᠤ ᠶᠢᠨ ᠠᠵᠢᠯᠯᠠᠭ᠎ᠠ ᠲᠠᠢ ᠠᠭᠧᠨᠲᠯᠢᠭ ᠤᠨ 20 ᠭᠠᠷᠤᠢ ᠭᠡᠷᠡᠯ ᠵᠢᠷᠤᠭ ᠤᠨ ᠰᠤᠷᠪᠤᠯᠵᠢᠯᠠᠭᠴᠢ ᠣᠷᠣᠯᠴᠠᠵᠤ ᠪᠠᠶᠢᠨ᠎ᠠ᠃ ᠲᠡᠳᠡ ᠡᠨᠡ ᠰᠠᠷ᠎ᠠ ᠶᠢᠨ 12-20 ᠍ ᠳᠦ ᠤᠯᠠᠭᠠᠨᠪᠠᠭᠠᠲᠤᠷ ᠬᠣᠲᠠ᠂ ᠲᠥᠪ᠂ ᠬᠡᠨᠲᠡᠢ ᠲᠡᠭᠦᠨᠴᠢᠯᠡᠨ ᠬᠠᠯᠬ᠎ᠠ ᠭᠣᠣᠯ ᠤᠨ ᠳᠠᠶᠢᠨ ᠤ 80 ᠵᠢᠯ ᠦᠨ ᠣᠢ ᠶᠢ ᠲᠣᠬᠢᠶᠠᠯᠳᠤᠭᠤᠯᠤᠨ ᠳᠣᠷᠣᠨᠠᠲᠤ ᠠᠶᠢᠮᠠᠭ ᠲᠤ ᠠᠵᠢᠯᠯᠠᠵᠤ ᠮᠣᠩᠭᠣᠯ ᠣᠷᠣᠨ ᠲᠠᠢ ᠬᠣᠯᠪᠣᠭ᠎ᠠ ᠲᠠᠢ ᠭᠡᠷᠡᠯ ᠵᠢᠷᠤᠭ ᠢᠶᠠᠷ ᠠᠷᠬᠢᠪ ᠢᠶᠠᠨ ᠪᠠᠶᠠᠵᠢᠭᠤᠯᠬᠤ ᠶᠤᠮ᠃

ᠰᠡᠳᠬᠢᠭᠳᠡᠯ ᠦᠯᠡᠳᠡᠭᠡᠬᠦ