︽ᠡᠷᠳᠡᠨᠢᠰ ᠲᠠᠪᠤᠨᠲᠣᠯᠣᠭᠠᠢ︾ ᠶᠢᠨ ᠪᠣᠷᠣᠯᠠᠭᠤᠯᠤᠯᠲᠠ ᠶᠢᠨ ᠣᠷᠣᠯᠭ᠎ᠠ ᠥᠰᠴᠠᠢ  | News.MN

︽ᠡᠷᠳᠡᠨᠢᠰ ᠲᠠᠪᠤᠨᠲᠣᠯᠣᠭᠠᠢ︾ ᠶᠢᠨ ᠪᠣᠷᠣᠯᠠᠭᠤᠯᠤᠯᠲᠠ ᠶᠢᠨ ᠣᠷᠣᠯᠭ᠎ᠠ ᠥᠰᠴᠠᠢ 

︽ᠡᠷᠳᠡᠨᠢᠰ ᠲᠠᠪᠤᠨᠲᠣᠯᠣᠭᠠᠢ︾ ᠶᠢᠨ ᠨᠡᠭᠦᠷᠡᠰᠦ ᠲᠡᠭᠡᠭᠡᠪᠦᠷᠢᠯᠡᠯᠲᠡ᠂ ᠡᠺᠰᠫᠣᠷᠲ ᠬᠡᠪ ᠦᠨ ᠶᠠᠪᠤᠭᠳᠠᠵᠤ ᠪᠠᠶᠢᠭ᠎ᠠ ᠪᠥᠭᠡᠳ ᠪᠣᠷᠣᠯᠠᠭᠤᠯᠤᠯᠲᠠ ᠶᠢᠨ ᠴᠡᠪᠡᠷ ᠠᠰᠢᠭ ᠡᠮᠦᠨᠡᠬᠢ ᠵᠢᠯ ᠦᠳ ᠡᠴᠡ ᠦᠰᠴᠡᠢ᠃ 2018 ᠣᠨ ᠳᠤ 18 ᠰᠠᠶ᠎ᠠ ᠲᠣᠨ ᠨᠡᠭᠦᠷᠡᠰᠦ ᠣᠯᠪᠤᠷᠢᠯᠠᠵᠤ 15 ᠰᠠᠶ᠎ᠠ ᠲᠣᠨ ᠢ ᠪᠣᠷᠣᠯᠠᠭᠤᠯᠤᠭᠰᠠᠨ ᠪᠣᠯ ᠡᠨᠡ ᠣᠨ ᠳᠤ ᠬᠠᠭᠠᠰ ᠵᠢᠯ ᠦᠨ ᠪᠠᠶᠢᠳᠠᠯ ᠢᠶᠠᠷ 17 ᠰᠠᠶ᠎ᠠ ᠲᠣᠨ ᠨᠡᠭᠦᠷᠡᠰᠦ ᠣᠯᠪᠤᠷᠢᠯᠠᠵᠤ᠂ 1.5 ᠶᠡᠬᠡ ᠨᠠᠶᠤᠳ ᠲᠥᠭᠥᠷᠢᠭ ᠦᠨ ᠪᠣᠷᠣᠯᠠᠭᠤᠯᠤᠯᠲᠠ ᠶᠢᠨ ᠣᠷᠣᠯᠭ᠎ᠠ ᠲᠠᠢ ᠠᠵᠢᠯᠯᠠᠵᠠᠢ᠃ ᠡᠨᠡ ᠨᠢ ᠡᠮᠦᠨᠡᠬᠢ ᠣᠨ ᠤ ᠬᠠᠭᠠᠰ ᠵᠢᠯ ᠲᠡᠢ ᠬᠠᠷᠢᠴᠠᠭᠤᠯᠬᠤ ᠳᠤ 59 ᠬᠤᠪᠢ ᠪᠠᠷ ᠨᠡᠮᠡᠭᠳᠡᠵᠦ ᠂ ᠴᠡᠪᠡᠷ ᠠᠰᠢᠭ ᠨᠢ 600 ᠰᠠᠶ᠎ᠠ ᠳ᠋ᠣᠯᠯᠠᠷ ᠲᠤ ᠬᠦᠷᠦᠭᠰᠡᠨ ᠭᠡᠪᠡ᠃ ᠵᠠᠰᠠᠭ ᠤᠨ ᠭᠠᠵᠠᠷ ᠠᠴᠠ ᠥᠭᠭᠦᠭᠰᠡᠨ ᠠᠯᠪᠠᠨ ᠳᠠᠭᠠᠭᠠᠯᠭᠠᠪᠤᠷᠢ ᠶᠢᠨ ᠬᠦᠷᠢᠶᠡᠨ ᠳᠦ  ᠲᠠᠪᠤᠨᠲᠣᠯᠣᠭᠠᠢ  ᠶᠢᠨ ᠣᠷᠳᠣ ᠭᠠᠵᠠᠷ ᠤᠨ ᠦᠭᠭᠦᠭᠡᠵᠢ ᠶᠢ ᠨᠡᠮᠡᠭᠳᠡᠭᠦᠯᠵᠦ ᠡᠷᠳᠡᠨᠢᠰ ᠲᠠᠪᠤᠨᠲᠣᠯᠣᠭᠠᠢ ᠺᠣᠮᠫᠠᠨᠢ ᠶᠢᠨ ᠦᠢᠯᠡ ᠠᠵᠢᠯᠯᠠᠭ᠎ᠠ ᠶᠢ ᠥᠷᠭᠡᠵᠢᠭᠦᠯᠬᠦ ᠂ ᠴᠠᠬᠢᠯᠭᠠᠨ ᠰᠲ᠋ᠠᠨᠼ ᠪᠠᠶᠢᠭᠤᠯᠬᠤ ᠺᠣᠨᠸᠧᠷ ᠪᠠᠷᠢᠬᠤ᠂ ᠠᠵᠢᠯᠴᠢᠳ ᠤᠨ ᠬᠣᠲᠠᠬᠠᠨ ᠪᠠᠶᠢᠭᠤᠯᠬᠤ ᠂ ᠨᠡᠮᠡᠭᠦᠦ ᠥᠷᠲᠡᠭ ᠰᠢᠩᠭᠡᠭᠡᠭᠰᠡᠨ ᠡᠴᠦᠰ ᠦᠨ ᠪᠦᠲᠦᠭᠡᠭᠳᠡᠬᠦᠨ ᠦᠢᠯᠡᠳᠪᠦᠷᠢᠯᠡᠬᠦ ᠪᠠᠶᠠᠵᠢᠮᠠᠯ ᠤᠨ ᠦᠢᠯᠡᠳᠪᠦᠷᠢ ᠪᠠᠷᠢᠬᠤ᠂ ᠺᠣᠺᠰ ᠬᠢᠮᠢ ᠶᠢᠨ ᠯᠠᠪᠤᠷᠠᠲ᠋ᠣᠷᠢ ᠪᠠᠶᠢᠭᠤᠯᠬᠤ ᠵᠡᠷᠭᠡ ᠠᠵᠢᠯ ᠤᠳ ᠤᠨ ᠪᠡᠯᠡᠳᠬᠡᠯ ᠬᠠᠩᠭᠠᠵᠤ ᠲᠸᠭᠨᠢᠭ ᠡᠳ᠋ ᠦᠨ ᠵᠠᠰᠠᠭ ᠤᠨ ᠦᠨᠳᠦᠰᠦᠯᠡᠯ ᠢᠶᠡᠨ ᠪᠣᠯᠪᠠᠰᠤᠷᠠᠭᠤᠯᠵᠤ ᠪᠠᠶᠢᠭ᠎ᠠ ᠠᠵᠠᠢ᠃

ᠰᠡᠳᠬᠢᠭᠳᠡᠯ ᠦᠯᠡᠳᠡᠭᠡᠬᠦ