ᠮᠠᠯᠵᠢᠭᠤᠯᠬᠤ ᠲᠥᠰᠥᠯ ᠢ ᠭᠧᠷᠮᠠᠨ ᠤ ᠰᠠᠩᠬᠦᠦᠵᠢᠯᠲᠡ ᠪᠡᠷ ᠬᠡᠷᠡᠭᠵᠢᠭᠦᠯᠪᠡ  | News.MN

ᠮᠠᠯᠵᠢᠭᠤᠯᠬᠤ ᠲᠥᠰᠥᠯ ᠢ ᠭᠧᠷᠮᠠᠨ ᠤ ᠰᠠᠩᠬᠦᠦᠵᠢᠯᠲᠡ ᠪᠡᠷ ᠬᠡᠷᠡᠭᠵᠢᠭᠦᠯᠪᠡ 

︽ᠳᠡᠯᠡᠬᠡᠢ ᠶᠢᠨ ᠵᠥᠩ-ᠮᠣᠩᠭᠣᠯ︾ ᠣᠯᠠᠨ ᠤᠯᠤᠰ ᠤᠨ ᠪᠠᠶᠢᠭᠤᠯᠤᠯᠭ᠎ᠠ ᠠᠴᠠ ︽ᠮᠠᠯᠵᠢᠭᠤᠯᠬᠤ︾ ᠲᠥᠰᠥᠯ ᠢ ᠥᠪᠦᠷᠬᠠᠩᠭᠠᠢ ᠠᠶᠢᠮᠠᠭ ᠲᠤ ᠨᠢᠭᠡ ᠰᠠᠷ᠎ᠠ ᠶᠢᠨ ᠬᠤᠭᠤᠴᠠᠭ᠎ᠠ ᠲᠠᠢ ᠬᠡᠷᠡᠭᠵᠢᠭᠦᠯᠦᠯ᠎ᠡ᠃ ᠲᠥᠰᠥᠯ ᠳᠣᠯᠣᠳᠤᠭᠠᠷ ᠰᠠᠷ᠎ᠠ ᠶᠢᠨ 4 ᠡᠴᠡ ᠡᠬᠢᠯᠡᠭᠰᠡᠨ ᠪᠥᠭᠡᠳ ᠮᠠᠯ ᠮᠠᠯᠯᠠᠬᠤ ᠬᠦᠰᠡᠯ ᠲᠡᠢ᠂ ᠲᠣᠳᠣᠷᠬᠠᠢ ᠲᠤᠷᠰᠢᠯᠭ᠎ᠠ ᠲᠠᠢ᠂ ᠥᠪᠡᠷᠰᠡᠳ ᠦᠨ ᠭᠡᠰᠡᠨ ᠴᠥᠭᠡᠨ ᠲᠣᠭᠠᠨ ᠤ ᠮᠠᠯ ᠲᠠᠢ 27 ᠡᠷᠦᠬᠡ ᠶᠢ ᠰᠣᠩᠭᠣᠵᠤ ᠮᠠᠯᠵᠢᠭᠤᠯᠬᠤ ᠪᠣᠯᠤᠭᠰᠠᠨ ᠢᠶᠠᠷ ᠮᠠᠯ ᠤᠨ ᠠᠰᠢᠭ ᠰᠢᠮ᠎ᠡ ᠪᠡᠷ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠪᠣᠯᠤᠮᠵᠢ ᠶᠢ ᠪᠦᠷᠢᠳᠦᠭᠦᠯᠵᠦ᠂ 613 ᠬᠤᠷᠠᠭ᠎ᠠ ᠲᠠᠢ ᠬᠣᠨᠢ᠂ ᠳᠥᠷᠪᠡᠨ ᠲᠤᠭᠤᠯ ᠲᠠᠢ ᠦᠨᠢᠶ᠎ᠡ ᠥᠭᠭᠦᠭᠰᠡᠨ ᠪᠠᠶᠢᠨ᠎ᠠ᠃
︽ᠳᠡᠯᠡᠬᠡᠢ ᠶᠢᠨ ᠵᠥᠩ︾ ᠣᠯᠠᠨ ᠤᠯᠤᠰ ᠤᠨ ᠪᠠᠶᠢᠭᠤᠯᠤᠯᠭ᠎ᠠ ᠶᠢᠨ ᠥᠪᠦᠷᠬᠠᠩᠭᠠᠢ ᠠᠶᠢᠮᠠᠭ ᠳᠠᠬᠢ ᠬᠥᠭᠵᠢᠯ ᠦᠨ ᠬᠥᠲᠥᠯᠪᠦᠷᠢ ᠡᠴᠡ ︽ᠡᠷᠦᠬᠡ ᠶᠢᠨ ᠬᠥᠭᠵᠢᠯ-320︾ ᠲᠥᠰᠥᠯ ᠢ ᠵᠥᠪᠬᠡᠨ ᠠᠷᠪᠠᠢ ᠬᠡᠭᠡᠷ᠎ᠡ ᠳᠦ 2018-2021 ᠣᠨ ᠬᠦᠷᠲᠡᠯ᠎ᠡ ᠬᠡᠷᠡᠭᠵᠢᠭᠦᠯᠬᠦ ᠪᠡᠷ ᠡᠬᠢᠯᠡᠭᠰᠡᠨ ᠪᠥᠭᠡᠳ ᠲᠥᠰᠥᠯ ᠦᠨ ᠬᠦᠷᠢᠶᠡᠨ ᠳᠦ ᠭᠧᠷᠮᠠᠨ ᠤ ᠨᠡᠮᠡᠯᠲᠡ ᠰᠠᠩᠬᠦᠦᠵᠢᠯᠲᠡ ᠪᠡᠷ ᠮᠠᠯᠵᠢᠭᠤᠯᠬᠤ ᠲᠥᠰᠥᠯ ᠢ ᠵᠣᠬᠢᠶᠠᠨ ᠪᠠᠶᠢᠭᠤᠯᠵᠠᠢ᠃

ᠰᠡᠳᠬᠢᠭᠳᠡᠯ ᠦᠯᠡᠳᠡᠭᠡᠬᠦ