ᠫᠦᠲ᠋ᠢᠨ ᠶᠢᠰᠦᠳᠦᠭᠡᠷ ᠰᠠᠷ᠎ᠠ ᠶᠢᠨ 3 ᠳᠦ  ᠢᠷᠡᠨ᠎ᠡ  | News.MN

ᠫᠦᠲ᠋ᠢᠨ ᠶᠢᠰᠦᠳᠦᠭᠡᠷ ᠰᠠᠷ᠎ᠠ ᠶᠢᠨ 3 ᠳᠦ  ᠢᠷᠡᠨ᠎ᠡ 

ᠣᠷᠣᠰ  ᠤᠨ ᠶᠡᠷᠦᠩᠬᠡᠶᠢᠯᠡᠭᠴᠢ ᠸᠯᠠᠳᠢᠮᠢᠷ ᠫᠦᠲ᠋ᠢᠨ ᠬᠠᠯᠬ᠎ᠠ ᠶᠢᠨ ᠭᠣᠣᠯ ᠤᠨ ᠪᠠᠶᠢᠯᠳᠤᠭᠠᠨ ᠤ ᠢᠯᠠᠯᠲᠠ ᠶᠢᠨ 80 ᠵᠢᠯ ᠦᠨ ᠣᠢ ᠶᠢ ᠲᠣᠬᠢᠶᠠᠯᠳᠤᠭᠤᠯᠤᠨ ᠮᠣᠩᠭᠣᠯ ᠤᠯᠤᠰ ᠲᠤ ᠢᠷᠡᠬᠦ ᠶᠢᠰᠦᠳᠦᠭᠡᠷ ᠰᠠᠷ᠎ᠠ ᠶᠢᠨ 3 ᠳᠦ ᠨᠢᠭᠡ ᠡᠳᠦᠷ ᠰᠠᠭᠠᠲᠠᠬᠤ ᠪᠠᠷ ᠪᠣᠯᠤᠭᠰᠠᠨ ᠪᠠᠶᠢᠨ᠎ᠠ᠃ ᠡᠨᠡ ᠲᠠᠯ᠎ᠠ ᠪᠠᠷ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ᠄ᠣᠷᠣᠰ ᠤᠨ ᠶᠡᠷᠦᠩᠬᠡᠶᠢᠯᠡᠭᠴᠢ ᠫᠦᠲ᠋ᠢᠨ ᠶᠢᠰᠦᠳᠦᠭᠡᠷ  ᠰᠠᠷ᠎ᠠ ᠶᠢᠨ 3 ᠍ ᠳᠦ ᠠᠶᠢᠯᠴᠢᠯᠠᠨ᠎ᠠ᠃ ᠲᠡᠭᠦᠨ ᠦ ᠮᠠᠷᠭᠠᠰᠢ ᠨᠢ ᠠᠯᠤᠰ ᠳᠣᠷᠣᠨᠠᠲᠤ ᠶᠢᠨ ᠡᠳ᠋ ᠍ ᠦᠨ ᠵᠠᠰᠠᠭ ᠤᠨ ᠹᠣᠷᠣᠮ ᠳᠤ ᠢᠷᠡᠭᠰᠡᠨ ᠵᠣᠴᠢᠳ ᠢᠶᠠᠨ ᠤᠭᠲᠤᠬᠤ ᠤᠴᠢᠷ 3 ᠤ  ᠣᠷᠣᠢ ᠨᠢ ᠪᠤᠴᠠᠨ᠎ᠠ᠃ ᠮᠠᠨ ᠤ ᠶᠡᠷᠦᠩᠬᠡᠶᠢᠯᠡᠭᠴᠢ ᠮᠥᠨ ᠶᠢᠰᠦᠳᠦᠭᠡᠷ ᠰᠠᠷ᠎ᠠ ᠶᠢᠨ 4 ᠍ ᠦ ᠥᠷᠯᠥᠭᠡ ᠨᠢᠰᠦᠨ᠎ᠡ᠃ ᠭᠡᠬᠦ ᠳᠦ ᠪᠡᠨ ᠬᠠᠯᠬ᠎ᠠ ᠭᠣᠣᠯ ᠤᠨ ᠣᠢ ᠶᠢᠰᠦᠳᠦᠭᠡᠷ ᠰᠠᠷ᠎ᠠ ᠶᠢᠨ 3 ᠤ ᠡᠳᠦᠷ ᠪᠣᠯᠬᠤ ᠶᠤᠮ ᠪᠢᠰᠢ᠃ ᠡᠮᠦᠨᠡᠬᠢ ᠪᠣᠯᠤᠨ ᠳᠠᠷᠠᠭ᠎ᠠ ᠶᠢᠨ ᠳᠣᠯᠣᠭ᠎ᠠ ᠬᠣᠨᠣᠭ ᠲᠤ ᠨᠢ ᠪᠣᠯᠤᠨ᠎ᠠ᠃ ᠶᠡᠬᠡ ᠣᠯᠠᠨ ᠦᠢᠯᠡ ᠶᠠᠪᠤᠳᠠᠯ ᠪᠣᠯᠤᠨ᠎ᠠ ᠃ ᠲᠡᠭᠦᠨ ᠦ ᠣᠷᠭᠢᠯ ᠨᠢ ᠶᠢᠰᠦᠳᠦᠭᠡᠷ ᠰᠠᠷ᠎ᠠ ᠶᠢᠨ 3 ᠍ ᠤ ᠡᠳᠦᠷ ᠪᠠᠶᠢᠬᠤ ᠶᠤᠮ ᠭᠡᠰᠡᠨ ᠲᠠᠶᠢᠯᠪᠤᠷᠢ ᠥᠭᠴᠡᠢ᠃
ᠣᠨᠴᠠᠯᠠᠬᠤ ᠳᠤ᠂ ᠣᠷᠣᠰ ᠤᠨ ᠶᠡᠷᠦᠩᠬᠡᠶᠢᠯᠡᠭᠴᠢ ᠸ∙ᠫᠦᠲ᠋ᠢᠨ ᠮᠣᠩᠭᠣᠯ ᠤᠯᠤᠰ ᠲᠤ 2014 ᠣᠨ ᠤ ᠶᠢᠰᠦᠳᠦᠭᠡᠷ ᠰᠠᠷ᠎ᠠ ᠶᠢᠨ 3 ᠍ ᠳᠦ ᠶᠡᠷᠦᠩᠬᠡᠶᠢᠯᠡᠭᠴᠢ ᠠᠰᠠᠨ  ᠴ∙ᠡᠯᠪᠡᠭᠳᠣᠷᠵᠢ ᠶᠢᠨ ᠤᠷᠢᠯᠭ᠎ᠠ ᠪᠠᠷ ᠠᠵᠢᠯ ᠤᠨ ᠠᠶᠢᠯᠴᠢᠯᠠᠯ ᠬᠢᠵᠦ ᠪᠠᠶᠢᠪᠠ᠃

ᠰᠡᠳᠬᠢᠭᠳᠡᠯ ᠦᠯᠡᠳᠡᠭᠡᠬᠦ