ᠱ∙ᠡᠩᠬᠡᠡᠤᠳᠤ ᠠᠽᠢᠶ᠎ᠠ ᠶᠢᠨ ᠲᠠᠮᠢᠷᠴᠢᠳ ᠤᠨ ᠺᠸᠮᠫ ᠲᠦ ᠣᠷᠣᠯᠴᠠᠵᠤ ᠪᠠᠶᠢᠨ᠎ᠠ  | News.MN

ᠱ∙ᠡᠩᠬᠡᠡᠤᠳᠤ ᠠᠽᠢᠶ᠎ᠠ ᠶᠢᠨ ᠲᠠᠮᠢᠷᠴᠢᠳ ᠤᠨ ᠺᠸᠮᠫ ᠲᠦ ᠣᠷᠣᠯᠴᠠᠵᠤ ᠪᠠᠶᠢᠨ᠎ᠠ 

ᠮᠣᠩᠭᠣᠯ ᠤᠯᠤᠰ ᠤᠨ ᠭᠠᠪᠢᠶᠠᠲᠤ ᠲᠠᠮᠢᠷᠴᠢᠨ ᠴ∙ᠰᠢᠷᠠᠪᠵᠠᠮᠰᠤ ᠶᠢᠨ ᠪᠠᠭ᠎ᠠ ᠬᠦᠦ ᠱ∙ᠡᠩᠬᠡᠡᠤᠳᠤ ᠪᠣᠯ ᠮᠣᠩᠭᠣᠯ ᠤᠨ ᠰᠠᠭᠰᠤᠨ ᠪᠥᠮᠪᠥᠭᠡ ᠶᠢᠨ ᠰᠢᠨ᠎ᠡ ᠣᠳᠣ᠃ ᠲᠡᠷᠡ ᠪᠡᠷ ᠨᠠᠢᠮᠠᠳᠤᠭᠠᠷ ᠰᠠᠷ᠎ᠠ ᠶᠢᠨ 12-18 ᠍ ᠤ ᠡᠳᠦᠷ ᠦᠳ ᠲᠦ ᠶᠠᠫᠣᠨ ᠤᠯᠤᠰ ᠤᠨ ᠲᠤᠤᠺᠢᠤ᠋ ᠬᠤᠲᠠ ᠳᠤ ᠵᠣᠬᠢᠶᠠᠨ ᠪᠠᠶᠢᠭᠤᠯᠵᠤ ᠪᠤᠢ ᠥᠰᠪᠦᠷᠢ ᠶᠢᠨ ᠰᠢᠯᠢᠳᠡᠭ ᠲᠠᠮᠢᠷᠴᠢᠳ ᠤᠨ ᠠᠽᠢᠶ᠎ᠠ ᠲᠢᠪ ᠦᠨ ᠴᠤᠭᠯᠠᠷᠠᠯᠲᠠ ᠳᠤ ᠮᠣᠩᠭᠣᠯ ᠤᠯᠤᠰ ᠢᠶᠠᠨ ᠲᠥᠯᠥᠭᠡᠯᠡᠨ ᠣᠷᠣᠯᠴᠠᠵᠤ ᠪᠠᠶᠢᠭ᠎ᠠ ᠠᠵᠠᠢ ᠃
ᠡᠨᠡ ᠬᠦ ᠺᠸᠮᠫ ᠲᠦ NBA ᠦᠨ ᠲᠣᠭᠯᠠᠭᠴᠢᠳ ᠪᠣᠯᠤᠨ ᠰᠢᠯᠢᠳᠡᠭ ᠳᠠᠰᠬᠠᠯᠵᠢᠭᠤᠯᠤᠭᠴᠢᠳ ᠣᠷᠣᠯᠴᠠᠨ ᠤᠯᠤᠰ ᠪᠦᠷᠢ ᠡᠴᠡ ᠰᠢᠯᠭᠠᠷᠠᠭᠰᠠᠨ ᠵᠠᠯᠠᠭᠤ ᠰᠢᠯᠢᠳᠡᠭ ᠲᠠᠮᠢᠷᠴᠢᠳ ᠲᠤ ᠥᠪᠡᠷᠰᠡᠳ ᠦᠨ ᠲᠤᠷᠰᠢᠯᠭ᠎ᠠ ᠠᠴᠠ ᠪᠠᠨ ᠬᠤᠪᠢᠶᠠᠯᠴᠠᠳᠠᠭ ᠨᠡᠷ᠎ᠡ ᠬᠦᠨᠳᠦᠲᠡᠢ ᠠᠷᠭ᠎ᠠ ᠬᠡᠮᠵᠢᠶ᠎ᠡ ᠶᠤᠮ᠃ ᠱ∙ᠡᠩᠬᠡᠡᠤᠳᠤ 3×3 ᠰᠢᠭᠰᠢᠭᠡ ᠪᠠᠭ ᠲᠠᠢ ᠪᠠᠨ ᠪᠡᠯᠡᠳᠬᠡᠯ ᠢᠶᠡᠨ ᠬᠠᠩᠭᠠᠵᠤ ᠪᠠᠶᠢᠭ᠎ᠠ ᠪᠠ Basketball without borders ᠬᠥᠲᠥᠯᠪᠦᠷᠢ ᠳᠦ ᠬᠠᠮᠤᠷᠤᠭᠳᠠᠵᠤ ᠢᠷᠡᠩᠭᠦᠲᠡ ᠪᠡᠨ ᠮᠠᠯᠠᠶᠢᠰᠢᠶ᠎ᠠ  ᠳᠤ ᠪᠣᠯᠬᠤ FIBA 3×3 U18 Asia Cup ᠍ ᠳᠦ ᠡᠬᠡ ᠣᠷᠣᠨ ᠢᠶᠠᠨ ᠲᠥᠯᠥᠭᠡᠯᠡᠨ ᠤᠷᠤᠯᠴᠠᠬᠤ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ