ᠰᠡᠭᠦᠯ ᠦᠨ ᠵᠢᠯ ᠦᠳ ᠲᠦ ᠮᠣᠩᠭᠣᠯ ᠤᠯᠤᠰ ᠲᠤ ᠪᠠᠩᠬᠢᠨ ᠠᠴᠠ ᠪᠤᠰᠤᠳ ᠰᠠᠩᠬᠦᠦ ᠶᠢᠨ ᠰᠠᠯᠪᠤᠷᠢ ᠶᠢᠨ ᠥᠰᠦᠯᠲᠡ ᠨᠡᠮᠡᠭᠳᠡᠭᠰᠡᠭᠡᠷ ᠪᠠᠶᠢᠭ᠎ᠠ᠃ ᠲᠡᠷᠡ ᠳᠤᠮᠳᠠ ᠪᠠᠨ ᠬᠥᠷᠥᠩᠭᠡ ᠶᠢᠨ ᠵᠠᠬ᠎ᠠ ᠵᠡᠭᠡᠯᠢ ᠶᠢᠨ ᠦᠨᠡᠯᠡᠭᠡ ᠰᠡᠭᠦᠯ ᠦᠨ ᠬᠣᠶᠠᠷ ᠵᠢᠯ ᠳᠦ ᠮᠠᠰᠢ ᠬᠤᠷᠳᠤᠨ ᠥᠰᠴᠦ᠂ ᠡᠨᠡ ᠵᠠᠬ᠎ᠠ ᠵᠡᠭᠡᠯᠢ ᠳᠦ ᠲᠣᠭᠯᠠᠭᠴᠢᠳ ᠤᠨ ᠲᠣᠭ᠎ᠠ ᠴᠤ ᠨᠡᠮᠡᠭᠳᠡᠭᠰᠡᠨ᠃ ᠡᠨᠡ ᠣᠨ ᠭᠠᠷᠤᠭᠠᠳ ᠰᠠᠷ᠎ᠠ ᠪᠦᠷᠢ ᠨᠢᠭᠡ ᠺᠣᠮᠫᠠᠨᠢ ᠰᠢᠨ᠎ᠡ ᠪᠡᠷ ᠬᠥᠷᠥᠩᠭᠡ ᠶᠢᠨ ᠵᠠᠬ᠎ᠠ ᠵᠡᠭᠡᠯᠢ ᠳᠡᠭᠡᠷ᠎ᠡ ᠭᠠᠷᠤᠭᠰᠠᠨ ᠭᠡᠬᠦ ᠳᠦ ᠴᠤ ᠬᠤᠳᠠᠯ ᠪᠣᠯᠬᠤ ᠦᠭᠡᠢ᠃ ᠡᠨᠡ ᠲᠠᠯ᠎ᠠ ᠪᠠᠷ ᠪᠢᠳᠡ ᠡᠮᠦᠨ᠎ᠡ ᠨᠢ ᠲᠠᠨᠢᠯᠴᠠᠭᠤᠯᠤᠭᠰᠠᠨ᠃ ᠲᠡᠭᠡᠪᠡᠯ ᠡᠨᠡ ᠤᠳᠠᠭ᠎ᠠ ᠳᠤ ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠨᠤᠭᠤᠳ ᠤᠨ ᠮᠡᠳᠡᠭᠡᠯᠡᠯ ᠢ ᠬᠦᠷᠭᠡᠶ᠎ᠡ᠃
ᠰᠠᠩᠬᠦᠦ ᠶᠢᠨ ᠵᠣᠬᠢᠴᠠᠭᠤᠯᠬᠤ ᠬᠣᠷᠢᠶᠠᠨ ᠤ ᠬᠣᠶᠠᠳᠤᠭᠠᠷ ᠤᠯᠠᠷᠢᠯ ᠤᠨ ᠲᠠᠶᠢᠯᠤᠨ ᠳᠤ ᠳᠤᠷᠠᠳᠤᠭᠰᠠᠨ ᠢᠶᠠᠷ ᠰᠠᠩᠬᠦᠦ ᠶᠢᠨ ᠵᠠᠬ᠎ᠠ ᠵᠡᠭᠡᠯᠢ ᠳᠦ ᠨᠡᠶᠢᠲᠡ 538 ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠦᠢᠯᠡ ᠠᠵᠢᠯᠯᠠᠭ᠎ᠠ ᠶᠠᠪᠤᠭᠤᠯᠵᠤ ᠪᠠᠶᠢᠨ᠎ᠠ᠃ ᠡᠳᠡᠭᠡᠷ ᠦᠨ ᠨᠡᠶᠢᠲᠡ ᠬᠥᠷᠥᠩᠭᠡ ᠶᠢᠨ ᠬᠡᠮᠵᠢᠶ᠎ᠡ 1.5 ᠶᠡᠬᠡ ᠨᠠᠶᠤᠳ ᠲᠥᠭᠥᠷᠢᠭ ᠪᠠᠶᠢᠭ᠎ᠠ ᠶᠤᠮ᠃ ᠡᠨᠡᠬᠦ ᠬᠥᠷᠥᠩᠭᠡ ᠶᠢᠨ ᠬᠡᠮᠵᠢᠶ᠎ᠡ ᠨᠢ ᠥᠩᠭᠡᠷᠡᠭᠰᠡᠨ ᠣᠨ ᠤ ᠮᠥᠨ ᠦᠶ᠎ᠡ ᠡᠴᠡ 34 ᠬᠤᠪᠢ ᠪᠤᠶᠤ 389.4 ᠲᠡᠷᠪᠤᠮ ᠲᠥᠭᠥᠷᠢᠭ ᠢᠶᠡᠷ ᠥᠰᠦᠭᠰᠡᠨ ᠪᠠᠶᠢᠨ᠎ᠠ᠃ ᠡᠨᠡ ᠣᠨ ᠤ ᠨᠢᠭᠡᠳᠦᠭᠡᠷ ᠰᠠᠷ᠎ᠠ ᠶᠢᠨ ᠨᠢᠭᠡᠨ ᠡᠴᠡ ᠲᠥᠪ ᠪᠠᠩᠭᠢ ᠬᠡᠷᠡᠭᠯᠡᠭᠡᠨ ᠦ ᠵᠢᠭᠡᠯᠡ ᠳᠦ ᠬᠢᠵᠠᠭᠠᠷ ᠲᠠᠯᠪᠢᠭᠰᠠᠨ᠃ ᠲᠣᠳᠣᠷᠠᠭᠤᠯᠪᠠᠯ᠂ ᠬᠡᠷᠡᠭᠯᠡᠭᠡᠨ ᠦ ᠵᠢᠭᠡᠯᠡ ᠶᠢᠨ ᠬᠤᠭᠤᠴᠠᠭᠠᠨ ᠳᠤ 30 ᠰᠠᠷ᠎ᠠ᠂ ᠢᠷᠭᠡᠳ ᠦᠨ ᠥᠷᠢ᠂ ᠣᠷᠣᠯᠭ᠎ᠠ ᠶᠢᠨ ᠬᠠᠷᠢᠴᠠᠭᠠᠨ ᠳᠤ 70 ᠬᠤᠪᠢ ᠶᠢᠨ ᠬᠢᠵᠠᠭᠠᠷ ᠲᠣᠭᠲᠠᠭᠠᠭᠰᠠᠨ ᠶᠤᠮ᠃ ᠢᠩᠭᠢᠬᠦ ᠳᠦ ᠪᠡᠨ ᠲᠥᠪ ᠪᠠᠩᠬᠢᠨ ᠠᠴᠠ ︽ᠢᠷᠭᠡᠳ ᠦᠨ ᠦᠷᠢ ᠶᠢᠨ ᠳᠠᠷᠤᠮᠲᠠ ᠰᠡᠭᠦᠯ ᠦᠨ ᠨᠠᠢᠮᠠᠨ ᠵᠢᠯ ᠳᠦ ᠬᠣᠶᠠᠷ ᠳᠠᠬᠢᠨ ᠨᠡᠮᠡᠭᠳᠡᠭᠰᠡᠨ᠃ ᠲᠡᠶᠢᠮᠦ ᠡᠴᠡ ᠬᠡᠷᠡᠭᠯᠡᠭᠡᠨ ᠦ ᠵᠢᠭᠡᠯᠡ ᠳᠦ ᠬᠢᠵᠠᠭᠠᠷ ᠲᠣᠭᠲᠠᠭᠠᠬᠤ ᠠᠴᠠ ᠥᠭᠡᠷ᠎ᠡ ᠠᠷᠭ᠎ᠠ ᠦᠭᠡᠢ︾ ᠭᠡᠳᠡᠭ ᠲᠠᠶᠢᠯᠪᠤᠷᠢ ᠶᠢ ᠥᠭᠭᠦᠭᠰᠡᠨ᠃ ᠬᠡᠷᠡᠭᠯᠡᠭᠡᠨ ᠦ ᠵᠢᠭᠡᠯᠡ ᠶᠢ ᠡᠶᠢᠨ ᠬᠦ ᠬᠢᠵᠠᠭᠠᠷᠯᠠᠭᠰᠠᠨ ᠤ ᠳᠠᠷᠠᠭ᠎ᠠ ᠪᠠᠷ ᠢᠷᠭᠡᠳ ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠠᠴᠠ ᠵᠢᠭᠡᠯᠡ ᠠᠪᠬᠤ ᠨᠢ ᠨᠡᠮᠡᠭᠳᠡᠭᠰᠡᠨ ᠭᠡᠳᠡᠭ ᠮᠡᠳᠡᠭᠡᠯᠡᠯ ᠪᠠᠶᠢᠭᠰᠠᠨ᠃ ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠨᠤᠭᠤᠳ ᠤᠨ ᠵᠢᠭᠡᠯᠡ ᠵᠢᠯ ᠦᠨ ᠳᠣᠲᠣᠷ᠎ᠠ 50 ᠣᠷᠴᠢᠮ ᠬᠤᠪᠢ ᠪᠠᠷ ᠥᠰᠦᠭᠰᠡᠨ ᠪᠠᠶᠢᠨ᠎ᠠ᠃ ᠲᠤᠬᠠᠶᠢᠯᠠᠪᠠᠯ᠂ ᠡᠨᠡ ᠣᠨ ᠤ ᠬᠣᠶᠠᠳᠤᠭᠠᠷ ᠤᠯᠠᠷᠢᠯ ᠳᠤ ᠵᠢᠭᠡᠯᠡ ᠶᠢᠨ ᠬᠡᠮᠵᠢᠶ᠎ᠡ ᠡᠮᠦᠨᠡᠬᠢ ᠣᠨ ᠤ ᠮᠥᠨ ᠦᠶ᠎ᠡ ᠡᠴᠡ 328.4 ᠲᠡᠷᠪᠤᠮ ᠲᠥᠭᠥᠷᠢᠭ ᠢᠶᠡᠷ ᠪᠤᠶᠤ 42.7 ᠬᠤᠪᠢ ᠪᠠᠷ ᠥᠰᠴᠦ᠂ 1.1 ᠶᠡᠬᠡ ᠨᠠᠶᠤᠳ ᠲᠥᠭᠥᠷᠢᠭ ᠲᠦ ᠬᠦᠷᠦᠭᠰᠡᠨ ᠪᠠᠶᠢᠨ᠎ᠠ᠃