ᠠᠷᠮᠢᠳᠠ ᠠᠯᠢᠰᠵᠠᠪᠠᠨᠠ ᠶᠢ ᠬᠦᠯᠢᠶᠡᠨ ᠠᠪᠴᠤ ᠠᠭᠤᠯᠵᠠᠪᠠ  | News.MN

ᠠᠷᠮᠢᠳᠠ ᠠᠯᠢᠰᠵᠠᠪᠠᠨᠠ ᠶᠢ ᠬᠦᠯᠢᠶᠡᠨ ᠠᠪᠴᠤ ᠠᠭᠤᠯᠵᠠᠪᠠ 

ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠮᠣᠩᠭᠣᠯ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠵᠦ ᠪᠤᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠶᠢᠨ ᠣᠷᠣᠯᠠᠭᠴᠢ ᠪᠥᠭᠡᠳ ᠠᠽᠢᠶ᠎ᠠ ᠨᠣᠮᠣᠬᠠᠨ ᠳᠠᠯᠠᠢ ᠶᠢᠨ ᠡᠳ᠋ ᠍ ᠦᠨ ᠵᠠᠰᠠᠭ᠂ ᠨᠡᠶᠢᠭᠡᠮ ᠦᠨ ᠺᠣᠮᠢᠰ᠍ ᠤᠨ ᠭᠦᠢᠴᠡᠳᠭᠡᠬᠦ ᠨᠠᠷᠢᠨ ᠪᠢᠴᠢᠭ ᠦᠨ ᠳᠠᠷᠤᠭ᠎ᠠ ᠬᠠᠲᠤᠭᠲᠠᠢ ᠠᠷᠮᠢᠳᠠ ᠠᠯᠢᠰᠵᠠᠪᠠᠨᠠ ᠶᠢ ᠥᠨᠥᠳᠥᠷ ᠬᠦᠯᠢᠶᠡᠨ ᠠᠪᠴᠤ ᠠᠭᠤᠯᠵᠠᠵᠤ᠂ ᠮᠣᠩᠭᠣᠯ ᠤᠯᠤᠰ ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠽᠢᠶ᠎ᠠ᠂ ᠨᠣᠮᠣᠬᠠᠨ ᠳᠠᠯᠠᠢ ᠶᠢᠨ ᠡᠳ᠋  ᠦᠨ ᠵᠠᠰᠠᠭ᠂ ᠨᠡᠶᠢᠭᠡᠮ ᠦᠨ ᠺᠣᠮᠢᠰ ᠤᠨ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠳᠡᠯᠭᠡᠷᠡᠩᠭᠦᠢ ᠰᠠᠨᠠᠯ ᠰᠣᠯᠢᠯᠴᠠᠪᠠ᠃
ᠰᠠᠶᠢᠳ ᠳ∙ᠴᠣᠭᠲᠤᠪᠠᠭᠠᠲᠤᠷ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠽᠢᠶ᠎ᠠ᠂ ᠨᠣᠮᠣᠬᠠᠨ ᠳᠠᠯᠠᠢ ᠶᠢᠨ ᠡᠳ᠋ ᠦᠨ ᠵᠠᠰᠠᠭ᠂ ᠨᠡᠶᠢᠭᠡᠮ ᠦᠨ ᠺᠣᠮᠢᠰ ᠤᠨ ᠭᠦᠢᠴᠡᠳᠭᠡᠬᠦ ᠨᠠᠷᠢᠨ ᠪᠢᠴᠢᠭ ᠦᠨ ᠳᠠᠷᠤᠭ᠎ᠠ ᠶᠢᠨ ᠠᠶᠢᠯᠴᠢᠯᠠᠯ ᠨᠢ ᠮᠣᠩᠭᠣᠯ ᠤᠯᠤᠰ᠂ ᠠᠽᠢᠶ᠎ᠠ ᠨᠣᠮᠣᠬᠠᠨ ᠳᠠᠯᠠᠢ ᠶᠢᠨ ᠡᠳ᠋ ᠍ ᠦᠨ ᠵᠠᠰᠠᠭ᠂ ᠨᠡᠶᠢᠭᠡᠮ ᠦᠨ ᠺᠣᠮᠢᠰ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠳᠦ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠦ ᠢᠲᠡᠭᠡᠵᠦ ᠪᠠᠶᠢᠭ᠎ᠠ ᠪᠠᠨ ᠢᠯᠡᠷᠬᠡᠶᠢᠯᠡᠭᠡᠳ ᠬᠥᠭᠵᠢᠯ ᠦᠨ ᠠᠰᠠᠭᠤᠳᠠᠯ ᠤᠳ᠂ ᠲᠣᠭᠲᠠᠪᠤᠷᠢᠲᠠᠢ ᠬᠥᠭᠵᠢᠯ ᠦᠨ ᠵᠣᠷᠢᠯᠲᠠ ᠨᠤᠭᠤᠳ ᠤᠨ ᠬᠡᠷᠡᠭᠵᠢᠯᠲᠡ᠂ ᠪᠦᠰᠡ ᠨᠤᠲᠤᠭ ᠤᠨ ᠵᠠᠷᠢᠮ ᠲᠤᠯᠭᠠᠮᠳᠠᠭᠰᠠᠨ ᠠᠰᠠᠭᠤᠳᠠᠯ ᠢᠶᠠᠷ ᠰᠠᠨᠠᠯ ᠰᠣᠯᠢᠯᠴᠠᠵᠤ᠂ ᠭᠠᠳᠠᠭᠠᠳᠤ ᠬᠠᠷᠢᠯᠴᠠᠭᠠᠨ ᠤ ᠶᠠᠮᠤᠨ ᠤ ᠳᠡᠷᠭᠡᠳᠡ ᠪᠠᠶᠢᠭᠤᠯᠤᠭᠳᠠᠭᠰᠠᠨ ᠬᠥᠷᠦᠩᠭᠡ ᠣᠷᠣᠭᠤᠯᠤᠯᠲᠠ ᠶᠢᠨ ᠰᠤᠳᠤᠯᠭᠠᠨ ᠤ ᠲᠥᠪ ᠦᠨ ᠦᠢᠯᠡ ᠠᠵᠢᠯᠯᠠᠭ᠎ᠠ ᠶᠢ ᠪᠡᠬᠢᠵᠢᠭᠦᠯᠬᠦ ᠳᠦ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠬᠤ ᠶᠢ ᠬᠦᠰᠡᠭᠰᠡᠨ ᠪᠣᠯᠭᠠᠭᠰᠠᠨ ᠪᠠᠶᠢᠨ᠎ᠠ᠃ ᠮᠥᠨ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠳᠡᠪᠰᠢᠭᠦᠯᠦᠭᠰᠡᠨ ᠵᠡᠭᠦᠨ ᠬᠤᠶᠢᠳᠤ ᠠᠽᠢᠶ᠎ᠠ ᠶᠢᠨ ᠡᠷᠴᠢᠮ ᠬᠦᠴᠦᠨ ᠦ ᠰᠦᠯᠵᠢᠶ᠎ᠡ ᠪᠠᠶᠢᠭᠤᠯᠬᠤ ᠰᠠᠨᠠᠭᠠᠴᠢᠯᠠᠭ᠎ᠠ ᠶᠢᠨ ᠬᠦᠷᠢᠶᠡᠨ ᠳᠦ ᠵᠡᠭᠦᠨ ᠬᠤᠶᠢᠳᠤ ᠠᠽᠢᠶ᠎ᠠ ᠶᠢᠨ ᠠᠶᠤᠯᠭᠦᠢ ᠪᠠᠶᠢᠳᠠᠯ ᠤᠨ  ᠠᠰᠠᠭᠤᠳᠠᠯ ᠤᠨ ᠲᠤᠬᠠᠢ ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ ᠣᠯᠠᠨ ᠤᠯᠤᠰ ᠤᠨ ᠵᠢᠷᠭᠤᠳᠤᠭᠠᠷ ᠪᠠᠭ᠎ᠠ ᠬᠤᠷᠠᠯ ᠤᠨ ᠦᠶ᠎ᠡ ᠪᠡᠷ ᠲᠤᠰᠬᠠᠢ ᠬᠤᠷᠠᠯᠳᠤᠭᠠᠨ ᠬᠠᠮᠲᠤᠷᠠᠨ ᠵᠣᠬᠢᠶᠠᠨ ᠪᠠᠶᠢᠭᠤᠯᠤᠭᠰᠠᠨ ᠳᠤ ᠲᠠᠯᠠᠷᠬᠠᠯ ᠢᠯᠡᠷᠬᠡᠶᠢᠯᠡᠵᠦ᠂ ᠤᠭ ᠠᠰᠠᠭᠤᠳᠠᠯ ᠢᠶᠠᠷ ᠪᠦᠰᠡ ᠨᠤᠲᠤᠭ ᠤᠨ ᠣᠷᠣᠨ ᠨᠤᠭᠤᠳ ᠤᠨ ᠳᠡᠮᠵᠢᠯᠭᠡ ᠶᠢ ᠠᠪᠬᠤ ᠴᠢᠭᠯᠡᠯ ᠳᠦ ᠠᠽᠢᠶ᠎ᠠ᠂ ᠨᠣᠮᠣᠬᠠᠨ ᠳᠠᠯᠠᠢ ᠶᠢᠨ ᠡᠳ᠋ ᠦᠨ ᠵᠠᠰᠠᠭ᠂ ᠨᠡᠶᠢᠭᠡᠮ ᠦᠨ ᠺᠣᠮᠢᠰ ᠢ ᠬᠠᠮᠲᠤᠷᠠᠨ ᠠᠵᠢᠯᠯᠠᠬᠤ ᠶᠢ ᠬᠦᠰᠡᠪᠡ᠃
ᠠᠷᠮᠢᠳᠠ ᠠᠯᠢᠰᠵᠠᠪᠠᠨᠠ ᠮᠣᠩᠭᠣᠯ ᠤᠯᠤᠰ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠲᠡᠢ ᠬᠥᠭᠵᠢᠭᠦᠯᠵᠦ ᠪᠤᠢ ᠬᠠᠮᠲᠤ ᠶᠢᠨ ᠠᠵᠢᠯᠯᠠᠭᠠᠨ ᠳᠤ ᠲᠡᠷᠢᠭᠦᠯᠡᠬᠦ ᠠᠴᠢ ᠬᠣᠯᠪᠣᠭᠳᠠᠯ ᠥᠭᠴᠦ᠂ ᠢᠳᠡᠪᠬᠢᠲᠡᠢ ᠬᠠᠮᠲᠤᠷᠠᠨ ᠠᠵᠢᠯᠯᠠᠵᠤ ᠢᠷᠡᠭᠰᠡᠨ ᠳᠦ ᠲᠠᠯᠠᠷᠬᠠᠯ ᠢᠯᠡᠷᠬᠡᠶᠢᠯᠡᠭᠡᠳ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠠᠴᠠ ᠪᠠᠲᠤᠯᠠᠭᠰᠠᠨ ᠲᠣᠭᠲᠠᠪᠤᠷᠢᠲᠠᠢ ᠬᠥᠭᠵᠢᠯ ᠦᠨ ᠵᠣᠷᠢᠯᠲᠠ ᠨᠤᠭᠤᠳ ᠤᠨ ᠬᠡᠷᠡᠭᠵᠢᠯᠲᠡ ᠪᠣᠯᠤᠨ ᠪᠠᠶᠢᠭᠠᠯᠢ ᠣᠷᠴᠢᠨ᠂ ᠠᠭᠠᠷ ᠤᠨ  ᠪᠤᠬᠢᠷᠳᠤᠯ᠂ ᠴᠠᠬᠢᠮ ᠡᠳ᠋  ᠦᠨ ᠵᠠᠰᠠᠭ ᠵᠡᠷᠭᠡ ᠴᠢᠭᠯᠡᠯ ᠢᠶᠡᠷ ᠨᠢᠭᠲᠠ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠪᠡ᠃ ᠮᠥᠨ ᠠᠽᠢᠶ᠎ᠠ ᠨᠣᠮᠣᠬᠠᠨ ᠳᠠᠯᠠᠢ ᠶᠢᠨ ᠬᠢᠯᠢ ᠳᠠᠮᠨᠠᠭᠰᠠᠨ ᠴᠠᠭᠠᠰᠤ ᠦᠭᠡᠢ ᠬᠤᠳᠠᠯᠳᠤᠭ᠎ᠠ ᠶᠢ ᠬᠥᠩᠭᠡᠪᠴᠢᠯᠡᠬᠦ ᠲᠤᠬᠠᠢ ᠶᠡᠷᠦᠩᠬᠡᠢ ᠬᠡᠯᠡᠯᠴᠡᠭᠡᠷ ᠲᠦ ᠨᠢᠭᠡᠳᠦᠨ ᠣᠷᠣᠬᠤ ᠶᠢ ᠬᠦᠰᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ