ᠠᠶᠦᠮᠢ ᠺᠣᠨᠢᠰᠢ ᠶᠢ ︽ᠠᠯᠲᠠᠨ ᠭᠠᠳᠠᠰᠤ︾ ᠣᠳᠣᠨ ᠢᠶᠠᠷ ᠱᠠᠩᠨᠠᠪᠠ  | News.MN

ᠠᠶᠦᠮᠢ ᠺᠣᠨᠢᠰᠢ ᠶᠢ ︽ᠠᠯᠲᠠᠨ ᠭᠠᠳᠠᠰᠤ︾ ᠣᠳᠣᠨ ᠢᠶᠠᠷ ᠱᠠᠩᠨᠠᠪᠠ 

ᠮᠣᠩᠭᠣᠯ ᠤᠯᠤᠰ᠂ ᠠᠽᠢᠶ᠎ᠠ ᠶᠢᠨ ᠬᠥᠭᠵᠢᠯ ᠦᠨ ᠪᠠᠩᠬᠢ ᠬᠣᠭᠣᠷᠣᠨᠳᠣ ᠶᠢᠨ ᠲᠦᠩᠰᠢᠯᠡᠯ ᠦᠨ ᠬᠠᠷᠢᠯᠴᠠᠭ᠎ᠠ ᠶᠢ ᠡᠳ᠋ ᠦᠨ ᠵᠠᠰᠠᠭ ᠤᠨ ᠰᠠᠯᠪᠤᠷᠢ ᠳᠤ ᠥᠷᠭᠡᠵᠢᠭᠦᠯᠦᠨ ᠬᠥᠭᠵᠢᠭᠦᠯᠬᠦ ᠳᠦ ᠣᠷᠣᠭᠤᠯᠤᠭᠰᠠᠨ ᠬᠤᠪᠢ ᠨᠡᠮᠡᠷᠢ ᠶᠢ ᠨᠢ ᠦᠨᠡᠯᠡᠵᠦ᠂ ᠶᠠᠫᠣᠨ ᠤᠯᠤᠰ ᠤᠨ ᠢᠷᠭᠡᠨ ᠠᠶᠦᠮᠢ ᠺᠣᠨᠢᠰᠢ ᠶᠢ ᠲᠥᠷᠥ ᠶᠢᠨ ᠳᠡᠭᠡᠳᠦ ᠱᠠᠩᠨᠠᠯ ︽ᠠᠯᠲᠠᠨ ᠭᠠᠳᠠᠰᠤ︾ ᠣᠳᠣᠨ ᠢᠶᠠᠷ ᠱᠠᠩᠨᠠᠬᠤ ᠲᠤᠬᠠᠢ ᠵᠠᠷᠯᠢᠭ ᠢ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠭᠠᠷᠭᠠᠯ᠎ᠠ᠃
ᠱᠠᠩᠨᠠᠯ ᠢ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠥᠨᠥᠳᠥᠷ ᠭᠠᠷᠳᠠᠭᠤᠯᠪᠠ᠃ ᠠᠽᠢᠶ᠎ᠠ ᠶᠢᠨ ᠬᠥᠭᠵᠢᠯ ᠦᠨ ᠪᠠᠩᠬᠢᠨ ᠤ ᠶᠡᠷᠦᠩᠬᠡᠶᠢᠯᠡᠭᠴᠢ ᠶᠢᠨ ᠠᠬᠠᠯᠠᠬᠤ ᠵᠥᠪᠯᠡᠬᠦ ᠠᠶᠦᠮᠢ ᠺᠣᠨᠢᠰᠢ ᠨᠢ 1991 ᠣᠨ ᠠᠴᠠ ᠮᠣᠩᠭᠣᠯ ᠤᠨ ᠡᠳ᠋ ᠍ ᠦᠨ ᠵᠠᠰᠠᠭ ᠤᠨ ᠰᠢᠨᠡᠴᠢᠯᠡᠯᠲᠡ ᠶᠢᠨ ᠲᠥᠰᠥᠯ ᠦᠳ ᠳᠡᠭᠡᠷ᠎ᠡ ᠠᠵᠢᠯᠯᠠᠵᠠᠢ᠃ ᠲᠡᠷᠡ ᠪᠡᠷ ᠮᠣᠩᠭᠣᠯ ᠤᠯᠤᠰ᠂ ᠠᠽᠢᠶ᠎ᠠ ᠶᠢᠨ ᠬᠥᠭᠵᠢᠯ ᠦᠨ ᠪᠠᠩᠬᠢᠨ ᠤ 2017-2020 ᠣᠨ ᠳᠤ ᠬᠠᠮᠲᠤᠷᠠᠨ ᠬᠡᠷᠡᠭᠵᠢᠭᠦᠯᠬᠦ ᠲᠦᠩᠰᠢᠯᠡᠯ ᠦᠨ ᠰᠲᠷᠠᠲ᠋ᠧᠭᠢ ᠶᠢ ᠪᠠᠲᠤᠯᠠᠭᠤᠯᠤᠨ᠂ ᠡᠳ᠋ ᠍ ᠦᠨ ᠵᠠᠰᠠᠭ ᠤᠨ ᠬᠦᠨᠳᠦᠷᠡᠯ ᠲᠡᠢ ᠦᠶ᠎ᠡ ᠳᠦ ᠮᠣᠩᠭᠣᠯ ᠤᠯᠤᠰ ᠤᠨ ᠡᠮᠦᠨ᠎ᠡ ᠲᠤᠯᠭᠠᠷᠠᠵᠤ ᠪᠤᠢ ᠬᠥᠭᠵᠢᠯ ᠦᠨ ᠴᠢᠬᠤᠯᠠ ᠠᠰᠠᠭᠤᠳᠠᠯ ᠤᠳ ᠢ ᠰᠢᠢᠳᠪᠦᠷᠢᠯᠡᠬᠦ᠂ ᠲᠣᠭᠲᠠᠪᠤᠷᠢᠲᠠᠢ ᠪᠥᠭᠡᠳ ᠬᠦᠷᠲᠡᠭᠡᠮᠵᠢ ᠲᠡᠢ ᠦᠰᠦᠯᠲᠡ ᠳᠦ ᠰᠠᠭᠤᠷᠢᠯᠠᠭᠰᠠᠨ᠂ ᠲᠥᠷᠦᠯᠵᠢᠭᠰᠡᠨ ᠡᠳ᠋ ᠍ ᠦᠨ ᠵᠠᠰᠠᠭ ᠢ ᠬᠥᠭᠵᠢᠭᠦᠯᠬᠦ ᠵᠠᠮ ᠢᠶᠠᠷ  ᠮᠠᠺᠷᠤ᠋ ᠡᠳ᠋ ᠍ ᠦᠨ ᠵᠠᠰᠠᠭ ᠤᠨ ᠲᠣᠭᠲᠠᠪᠤᠷᠢᠲᠠᠢ ᠪᠠᠶᠢᠳᠠᠯ ᠢ ᠪᠤᠢ ᠪᠣᠯᠭᠠᠬᠤ ᠨᠥᠬᠥᠴᠡᠯ ᠢ ᠪᠦᠷᠢᠳᠦᠭᠦᠯᠬᠦ ᠳᠦ ᠴᠢᠬᠤᠯᠠ ᠬᠤᠪᠢ ᠨᠡᠮᠡᠷᠢ ᠣᠷᠣᠭᠤᠯᠤᠭᠰᠠᠨ ᠶᠤᠮ᠃

ᠰᠡᠳᠬᠢᠭᠳᠡᠯ ᠦᠯᠡᠳᠡᠭᠡᠬᠦ