ᠤᠷᠠᠨ ᠨᠤᠭᠤᠷᠠᠯᠲᠠ ᠶᠢᠨ ᠰᠢᠯᠢᠳᠡᠭ ᠦᠳ ᠲᠣᠳᠣᠷᠠᠯ᠎ᠠ  | News.MN

ᠤᠷᠠᠨ ᠨᠤᠭᠤᠷᠠᠯᠲᠠ ᠶᠢᠨ ᠰᠢᠯᠢᠳᠡᠭ ᠦᠳ ᠲᠣᠳᠣᠷᠠᠯ᠎ᠠ 

︽ᠴᠠᠶᠢᠨ ᠤ ᠵᠠᠮ︾ ᠥᠪ ᠰᠤᠶᠤᠯ ᠤᠨ ᠬᠤᠶᠠᠳᠤᠭᠠᠷ ᠨᠠᠭᠠᠳᠤᠮ ᠤᠨ ᠬᠦᠷᠢᠶᠡᠨ ᠳᠦ ᠵᠣᠬᠢᠶᠠᠨ ᠪᠠᠶᠢᠭᠤᠯᠤᠭᠰᠠᠨ ︽ᠠᠯᠲᠠᠨ ᠬᠡᠯᠬᠢᠶ᠎ᠡ ︾ ᠤᠷᠠᠨ ᠨᠤᠭᠤᠷᠠᠯᠲᠠ ᠶᠢᠨ ᠤᠯᠤᠰ ᠤᠨ ᠤᠷᠤᠯᠳᠤᠭᠠᠨ ᠤ ᠰᠢᠯᠢᠳᠡᠭ ᠦᠳ ᠲᠣᠳᠣᠷᠠᠯ᠎ᠠ᠃ ᠤᠷᠤᠯᠳᠤᠭᠠᠨ ᠢ ᠣᠷᠣᠨ ᠨᠤᠲᠤᠭ ᠤᠨ ᠬᠡᠦᠬᠡᠳ ᠪᠠᠭᠠᠴᠤᠳ ᠤᠨ ᠠᠪᠢᠶᠠᠰ᠂ ᠤᠷ᠎ᠠ ᠴᠢᠳᠠᠪᠤᠷᠢ ᠶᠢ ᠨᠡᠭᠡᠭᠡᠨ ᠢᠯᠡᠷᠡᠭᠦᠯᠬᠦ᠂ ᠬᠥᠭᠵᠢᠭᠦᠯᠬᠦ᠂ ᠤᠷᠠᠨ ᠨᠤᠭᠤᠷᠠᠬᠤ ᠤᠷᠠᠯᠢᠭ ᠢ ᠣᠯᠠᠨ ᠨᠡᠶᠢᠲᠡ ᠳᠦ ᠲᠠᠨᠢᠭᠤᠯᠤᠨ ᠰᠤᠷᠲᠠᠯᠴᠢᠯᠠᠬᠤ᠂ ᠤᠯᠠᠮᠵᠢᠯᠠᠨ ᠦᠯᠡᠳᠡᠭᠡᠬᠦ ᠵᠣᠷᠢᠯᠭ᠎ᠠ ᠪᠠᠷ ᠬᠣᠪᠳᠣ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂  ᠪᠤᠯᠪᠠᠰᠤᠷᠠᠯ ᠰᠤᠶᠤᠯ ᠤᠷᠠᠯᠢᠭ ᠤᠨ ᠭᠠᠵᠠᠷ ᠬᠠᠮᠲᠤᠷᠠᠨ ᠵᠣᠬᠢᠶᠠᠨ ᠪᠠᠶᠢᠭᠤᠯᠪᠠ᠃
ᠬᠠᠮᠲᠤᠯᠢᠭ᠂ ᠭᠣᠴᠣᠯᠠᠯ ᠲᠥᠷᠥᠯ ᠢᠶᠡᠷ 17 ᠰᠤᠮᠤ ᠠᠴᠠ 50 ᠣᠷᠴᠢᠮ ᠨᠤᠭᠤᠷᠠᠭᠠᠴᠢ ᠬᠡᠦᠬᠡᠳ ᠣᠷᠣᠯᠴᠠᠭᠰᠠᠨ ᠤᠯᠤᠰ ᠤᠨ ᠤᠷᠤᠯᠳᠤᠭᠠᠨ ᠤ ᠭᠣᠴᠣᠯᠠᠯ ᠲᠥᠷᠥᠯ ᠳᠦ ᠲᠡᠷᠢᠭᠦᠨ ᠪᠠᠶᠢᠷᠢ ᠳᠤ ᠭ∙ᠡᠭᠡᠰᠢᠭᠯᠡᠨ᠂ ᠳᠡᠳ᠋ ᠪᠠᠶᠢᠷᠢ ᠳᠤ ᠬ∙ᠤᠤᠭᠠᠨᠵᠠᠶᠠᠭ᠎ᠠ᠂ ᠭᠤᠷᠪᠠᠳᠤᠭᠠᠷ ᠪᠠᠶᠢᠷᠢ ᠳᠤ ᠡ᠊∙ᠰᠠᠷᠠᠨᠵᠠᠶᠠᠭ᠎ᠠ᠂ ᠲᠤᠰᠬᠠᠢ ᠪᠠᠶᠢᠷᠢ ᠳᠤ ᠨ∙ᠨᠠᠮᠤᠭᠤᠨᠳᠠᠷᠢ᠂ ᠪ∙ᠱᠢᠷᠦᠨᠴᠡᠴᠡᠭ ᠰᠢᠯᠭᠠᠷᠠᠭᠰᠠᠨ ᠪᠣᠯ ᠬᠠᠮᠲᠤᠯᠢᠭ ᠲᠥᠷᠥᠯ ᠦᠨ ᠲᠡᠷᠢᠭᠦᠨ ᠪᠠᠶᠢᠷᠢ ᠳᠤ ︽ᠲᠩᠷᠢ ᠶᠢᠨ ᠳᠠᠭᠢᠨᠢᠰ︾᠂ ᠳᠡᠳ᠋ ᠪᠠᠶᠢᠷᠢ ᠳᠤ ︽ᠬᠦᠮᠦᠨ ᠰᠠᠷᠠᠨᠠᠢ︾ ᠬᠠᠮᠲᠤᠯᠢᠭ ᠤᠨ ᠤᠷᠠᠨ ᠨᠤᠭᠤᠷᠠᠭᠠᠴᠢ ᠬᠡᠦᠬᠡᠳ ᠦᠳ ᠰᠢᠯᠭᠠᠷᠠᠵᠠᠢ᠃

ᠰᠡᠳᠬᠢᠭᠳᠡᠯ ᠦᠯᠡᠳᠡᠭᠡᠬᠦ