ᠡᠮᠦᠨᠡᠭᠣᠪᠢ  ᠶᠢᠨ ᠪᠦᠲᠦᠭᠡᠭᠳᠡᠬᠦᠨ ᠢ ᠬᠡᠷᠡᠭᠯᠡᠭᠴᠢᠳ ᠲᠦ ᠬᠦᠷᠭᠡᠵᠦ ᠪᠠᠶᠢᠨ᠎ᠠ  | News.MN

ᠡᠮᠦᠨᠡᠭᠣᠪᠢ  ᠶᠢᠨ ᠪᠦᠲᠦᠭᠡᠭᠳᠡᠬᠦᠨ ᠢ ᠬᠡᠷᠡᠭᠯᠡᠭᠴᠢᠳ ᠲᠦ ᠬᠦᠷᠭᠡᠵᠦ ᠪᠠᠶᠢᠨ᠎ᠠ 

ᠡᠮᠦᠨᠡᠭᠣᠪᠢ ᠠᠶᠢᠮᠠᠭ ᠤᠨ ᠬᠦᠨᠡᠰᠦ ᠬᠦᠩᠭᠡᠨ ᠦᠢᠯᠡᠳᠪᠤᠷᠢ ᠶᠢᠨ ᠭᠠᠵᠠᠷ᠍ ᠠᠴᠠ ᠰᠠᠨᠠᠭᠠᠴᠢᠯᠠᠵᠤ ᠡᠮᠦᠨᠡᠭᠣᠪᠢ ᠳᠤ ᠦᠢᠯᠡᠳᠪᠦᠷᠢᠯᠡᠭᠰᠡᠨ ᠪᠦᠲᠦᠭᠡᠭᠳᠡᠬᠦᠨ ᠢ ᠦᠢᠯᠡᠳᠪᠦᠷᠢ ᠶᠢᠨ ᠦᠨ᠎ᠡ ᠪᠡᠷ ᠬᠡᠷᠡᠭᠯᠡᠭᠴᠢᠳ ᠲᠦ ᠬᠦᠷᠭᠡᠬᠦ ᠠᠵᠢᠯ ᠢ ᠬᠤᠶᠠᠳᠠᠬᠢ ᠵᠢᠯ ᠳᠦ ᠪᠡᠨ ᠵᠣᠬᠢᠶᠠᠨ ᠪᠠᠶᠢᠭᠤᠯᠵᠤ ᠪᠠᠶᠢᠨ᠎ᠠ᠃
ᠭᠠᠳᠠᠭᠠᠳᠤ᠂ ᠳᠣᠲᠣᠭᠠᠳᠤ ᠶᠢᠨ ᠵᠢᠭᠤᠯᠴᠢᠳ ᠲᠤ ᠵᠣᠷᠢᠭᠤᠯᠤᠨ ᠨᠤᠲᠤᠭ ᠤᠨ ᠤᠳᠤᠷᠢᠳᠤᠯᠭ᠎ᠠ ᠶᠢᠨ ᠣᠷᠳᠣᠨ ᠤ ᠡᠮᠦᠨᠡᠬᠢ ᠲᠠᠯᠠᠪᠠᠢ ᠪᠤᠶᠤ ᠳᠠᠶᠠᠩ ᠬᠠᠭᠠᠨ ᠤ ᠲᠠᠯᠠᠪᠠᠢ ᠳᠤ ᠲᠠᠪᠤᠨ ᠬᠠᠨ᠎ᠠ ᠲᠠᠢ ᠭᠡᠷ ᠪᠠᠷᠢᠨ ᠪᠦᠲᠦᠭᠡᠭᠳᠡᠬᠦᠨ ᠢ ᠪᠣᠷᠣᠯᠠᠭᠤᠯᠵᠤ ᠪᠤᠢ᠃ ᠭᠠᠳᠠᠭᠠᠳᠤ ᠶᠢᠨ ᠵᠢᠭᠤᠯᠴᠢᠳ ᠭᠡᠬᠦ ᠡᠴᠡ ᠪᠡᠨ ᠢᠯᠡᠭᠦᠦ ᠳᠣᠲᠣᠭᠠᠳᠤ ᠶᠢᠨ ᠠᠶᠠᠯᠠᠭᠴᠢᠳ ᠬᠤᠳᠠᠯᠳᠤᠭ᠎ᠠ ᠥᠷᠭᠡᠨ ᠢᠶᠡᠷ ᠬᠢᠳᠡᠭ ᠪᠠᠶᠢᠨ᠎ᠠ᠃ ᠢᠯᠠᠩᠭᠤᠶ᠎ᠠ ᠪᠡᠯᠡᠭ ᠳᠤᠷᠠᠰᠬᠠᠯ ᠤᠨ ᠪᠣᠯᠤᠨ ︽ᠲᠠᠩᠭᠤᠳ ᠷᠠ ︾  ᠺᠤᠮᠫᠠᠨᠢ ᠶᠢᠨ ᠴᠠᠶᠢᠨ ᠤ ᠢᠵᠢ ᠪᠦᠷᠢᠳᠦᠯ ᠭᠣᠪᠢ ᠨᠤᠲᠤᠭ ᠤᠨ ᠣᠨᠴᠠᠯᠢᠭ ᠰᠢᠨᠵᠢ ᠠᠭᠤᠯᠤᠭᠰᠠᠨ ᠪᠦᠲᠦᠭᠡᠭᠳᠡᠬᠦᠨ ᠨᠦᠭᠦᠳ ᠭᠦᠢᠯᠭᠡᠭᠡ ᠰᠠᠶᠢᠲᠠᠢ ᠪᠠᠶᠢᠳᠠᠭ ᠶᠤᠮ ᠃

ᠰᠡᠳᠬᠢᠭᠳᠡᠯ ᠦᠯᠡᠳᠡᠭᠡᠬᠦ