ᠲᠣᠭᠲᠠᠪᠤᠷᠢᠲᠠᠢ ᠬᠦᠭᠵᠢᠯ ᠳᠦ ᠬᠤᠪᠢ ᠨᠡᠮᠡᠷᠢ ᠣᠷᠣᠭᠤᠯᠬᠤ ᠳᠤ ᠪᠡᠯᠡᠨ ᠪᠠᠶᠢᠨ᠎ᠠ  | News.MN

ᠲᠣᠭᠲᠠᠪᠤᠷᠢᠲᠠᠢ ᠬᠦᠭᠵᠢᠯ ᠳᠦ ᠬᠤᠪᠢ ᠨᠡᠮᠡᠷᠢ ᠣᠷᠣᠭᠤᠯᠬᠤ ᠳᠤ ᠪᠡᠯᠡᠨ ᠪᠠᠶᠢᠨ᠎ᠠ 

ᠠᠽᠢᠶ᠎ᠠ ᠶᠢᠨ ᠡᠳ᠋ ᠍ ᠦᠨ ᠵᠠᠰᠠᠭ᠂ ᠬᠥᠭᠵᠢᠯ ᠦᠨ ᠠᠰᠠᠭᠤᠳᠠᠯ ᠢ ᠬᠡᠯᠡᠯᠴᠡᠳᠡᠭ ᠴᠢᠬᠤᠯᠠ ᠰᠤᠪᠠᠭ ᠪᠣᠯᠬᠤ ᠠᠽᠢᠶ᠎ᠠ ᠶᠢᠨ ᠲᠥᠯᠦᠭᠡᠬᠢ ᠪᠦᠸ᠋ᠸ ᠤ ᠹᠣᠷᠣᠮ ᠤᠨ ᠪᠠᠭ᠎ᠠ ᠬᠤᠷᠠᠯ ᠤᠯᠠᠭᠠᠨᠪᠠᠭᠠᠲᠤᠷ  ᠬᠤᠲᠠ ᠳᠤ ᠠᠩᠬ᠎ᠠ ᠤᠳᠠᠭ᠎ᠠ ᠪᠣᠯᠵᠤ ᠪᠠᠶᠢᠨ᠎ᠠ᠃ ᠤᠭ ᠬᠤᠷᠠᠯ ᠢ  ᠭᠠᠳᠠᠭᠠᠳᠤ ᠬᠠᠷᠢᠯᠴᠠᠭᠠᠨ ᠤ ᠶᠠᠮᠤᠨ᠂ ︽ᠡᠷᠳᠡᠨᠢᠰ ᠮᠣᠩᠭᠣᠯ︾ ᠺᠤᠮᠫᠠᠨᠢ ᠪᠣᠯᠤᠨ ᠮᠣᠩᠭᠣᠯ ᠤᠨ ᠪᠢᠽᠢᠨᠧᠰ ᠦᠨ ᠵᠥᠪᠯᠡᠯ ᠬᠠᠮᠲᠤᠷᠠᠨ ᠵᠣᠬᠢᠶᠠᠨ ᠪᠠᠶᠢᠭᠤᠯᠵᠤ ᠪᠠᠶᠢᠭ᠎ᠠ ᠶᠤᠮ᠃ ᠪᠠᠭ᠎ᠠ ᠬᠤᠷᠠᠯ ᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠠᠰᠠᠨ ᠪᠠᠨ ᠭᠢ ᠮᠦᠨ ᠨᠡᠭᠡᠭᠡᠵᠦ ᠬᠡᠯᠡᠭᠰᠡᠨ ᠦᠭᠡᠨ ᠳᠦ ᠪᠡᠨ᠄ ᠮᠣᠩᠭᠣᠯ ᠤᠯᠤᠰ ᠪᠥᠰᠡ ᠨᠤᠲᠤᠭ ᠤᠨ ᠪᠣᠯᠤᠨ ᠳᠡᠯᠡᠬᠡᠢ ᠶᠢᠨ ᠲᠤᠯᠭᠠᠮᠳᠠᠭᠰᠠᠨ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠤᠨ᠂ ᠠᠽᠢᠶ᠎ᠠ ᠶᠢᠨ ᠲᠦᠩᠰᠢ ᠨᠦᠭᠦᠳ ᠲᠡᠢ ᠬᠠᠷᠢᠯᠴᠠᠭ᠎ᠠ ᠪᠠᠨ ᠪᠡᠬᠢᠵᠢᠭᠦᠯᠵᠦ ᠪᠤᠢ ᠶᠢ ᠲᠡᠮᠳᠡᠭᠯᠡᠬᠦ ᠨᠢ ᠵᠦᠢᠲᠡᠢ᠃ ᠮᠣᠩᠭᠣᠯ᠂ ᠬᠢᠲᠠᠳ᠂ ᠰᠣᠯᠣᠩᠭᠣᠰ᠂ ᠶᠠᠫᠣᠨ ᠵᠡᠷᠭᠡ ᠠᠽᠢᠶ᠎ᠠ ᠶᠢᠨ ᠪᠤᠰᠤᠳ ᠣᠷᠣᠨ ᠤ ᠬᠠᠮᠲᠤ ᠶᠢᠨ ᠠᠵᠢᠯᠯᠠᠭ᠎ᠠ ᠪᠠᠨ ᠢᠯᠡᠭᠦᠦ ᠥᠨᠳᠥᠷ ᠲᠦᠪᠰᠢᠨ ᠳᠦ ᠬᠦᠷᠭᠡᠵᠦ ᠪᠠᠶᠢᠨ᠎ᠠ᠃  ᠪᠠᠶᠢᠭᠠᠯᠢ ᠶᠢᠨ ᠨᠥᠭᠡᠴᠡ ᠶᠢᠨ ᠪᠣᠯᠪᠠᠰᠤᠷᠠᠭᠤᠯᠤᠯᠲᠠ᠂ ᠴᠠᠬᠢᠯᠭᠠᠨ᠂ ᠰᠡᠷᠭᠦᠭᠡᠭᠳᠡᠬᠦ ᠡᠷᠴᠢᠮ ᠬᠦᠴᠦ᠂ ᠳᠡᠳ᠋ ᠪᠦᠲᠦᠴᠡ ᠶᠢᠨ ᠰᠠᠯᠪᠤᠷᠢ ᠳ᠋ᠡᠬᠢ ᠬᠠᠮᠲᠤ ᠶᠢᠨ ᠠᠵᠢᠯᠯᠠᠭ᠎ᠠ ᠤᠯᠠᠮ ᠥᠷᠭᠡᠵᠢᠵᠦ ᠪᠠᠶᠢᠭ᠎ᠠ ᠨᠢ ᠡᠳᠡᠭᠡᠷ ᠤᠯᠤᠰ ᠲᠤ ᠦᠷ᠎ᠡ ᠦᠭᠭᠦᠭᠡᠵᠢ ᠪᠡᠨ ᠥᠭᠴᠦ᠂ ᠠᠽᠢᠶ᠎ᠠ ᠶᠢᠨ ᠡᠳ᠋ ᠍ ᠦᠨ ᠵᠠᠰᠠᠭ ᠲᠤ ᠡᠶᠡᠷᠭᠦ ᠲᠦᠯᠬᠢᠴᠡ ᠦᠵᠡᠭᠦᠯᠪᠡ᠃

ᠲᠡᠭᠦᠨᠴᠢᠯᠡᠨ ᠬᠢᠲᠠᠳ᠂ ᠮᠣᠩᠭᠣᠯ᠂ ᠣᠷᠣᠰ ᠤᠨ ᠡᠳ᠋ ᠍ ᠦᠨ ᠵᠠᠰᠠᠭ ᠤᠨ ᠺᠣᠷᠢᠳᠣᠷ ᠨᠢ ᠣᠷᠣᠯᠴᠠᠭᠴᠢ ᠣᠷᠣᠨ ᠨᠤᠭᠤᠳ ᠤᠨ ᠬᠣᠭᠣᠷᠣᠨᠳᠣ ᠶᠢᠨ ᠲᠦᠩᠰᠢᠯᠡᠯ ᠦᠨ ᠬᠠᠷᠢᠯᠴᠠᠭ᠎ᠠ ᠶᠢ ᠪᠡᠬᠢᠵᠢᠭᠦᠯᠬᠦ ᠳᠦ ᠴᠢᠬᠤᠯᠠ ᠡᠭᠦᠷᠭᠡ ᠭᠦᠢᠴᠡᠳᠭᠡᠵᠦ᠂ ᠤᠯᠠᠮ ᠢᠶᠠᠷ ᠮᠣᠩᠭᠣᠯ ᠤᠯᠤᠰ ᠤᠨ ᠡᠳ᠋ ᠍ ᠦᠨ ᠵᠠᠰᠠᠭ ᠢ ᠡᠷᠴᠢᠮᠵᠢᠭᠦᠯᠵᠦ᠂ ᠪᠥᠰᠡ ᠨᠤᠲᠤᠭ ᠤᠨ ᠨᠡᠶᠢᠲᠡᠯᠢᠭ ᠬᠥᠭᠵᠢᠯ ᠢ ᠠᠬᠢᠭᠤᠯᠬᠤ ᠳᠤ ᠴᠢᠬᠤᠯᠠ ᠡᠭᠦᠷᠭᠡ ᠭᠦᠢᠴᠡᠳᠭᠡᠵᠦ ᠪᠠᠶᠢᠨ᠎ᠠ᠃ ᠣᠯᠠᠨ ᠤᠯᠤᠰ ᠤᠨ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠲᠡᠷᠢᠭᠦᠯᠡᠭᠴᠢ ᠹᠣᠷᠣᠮ ᠤᠨ ᠬᠤᠪᠢ ᠳᠤ᠂ ᠠᠽᠢᠶ᠎ᠠ ᠶᠢᠨ ᠲᠥᠯᠦᠭᠡᠬᠢ ᠪᠦᠸ᠋ᠸ ᠤ ᠹᠣᠷᠣᠮ ᠨᠢ ᠮᠣᠩᠭᠣᠯ ᠤᠯᠤᠰ ᠤᠨ ᠬᠢᠵᠦ ᠪᠦᠲᠦᠭᠡᠭᠰᠡᠨ ᠵᠦᠢᠯ ᠳᠦ ᠨᠢ ᠲᠠᠯᠠᠷᠬᠠᠯ ᠢᠯᠡᠷᠬᠡᠶᠢᠯᠡᠵᠦ᠂ ᠮᠣᠩᠭᠣᠯ ᠤᠯᠤᠰ ᠤᠨ ᠲᠣᠭᠲᠠᠪᠤᠷᠢᠲᠠᠢ᠂ ᠬᠦᠷᠲᠡᠭᠡᠮᠵᠢᠲᠡᠢ ᠬᠦᠭᠵᠢᠯ ᠳᠦ ᠬᠤᠪᠢ ᠨᠡᠮᠡᠷᠢ ᠣᠷᠣᠭᠤᠯᠬᠤ ᠳᠤ ᠪᠡᠯᠡᠨ ᠪᠠᠶᠢᠨ᠎ᠠ᠃ ᠰᠣᠷᠢᠯᠲᠠ ᠪᠡᠷᠬᠡᠰᠢᠶᠡᠯ᠂ ᠪᠣᠯᠤᠮᠵᠢ ᠪᠠᠷ ᠳᠦᠭᠦᠷᠡᠩ ᠳᠡᠯᠡᠬᠡᠢ ᠳᠦ ᠠᠽᠢᠶ᠎ᠠ ᠶᠢᠨ ᠲᠥᠯᠦᠭᠡᠬᠢ ᠪᠦᠸ᠋ᠸ ᠤ ᠶᠢᠨ ᠹᠣᠷᠣᠮ ᠨᠢ ᠠᠽᠢᠶ᠎ᠠ ᠶᠢᠨ ᠤᠯᠤᠰ ᠣᠷᠣᠨ ᠨᠤᠭᠤᠳ ᠢ᠂ ᠳᠡᠯᠡᠬᠡᠢ ᠶᠢᠨ ᠨᠡᠭᠡᠭᠡᠯᠲᠡᠲᠡᠢ ᠡᠳ᠋ ᠍ ᠦᠨ ᠵᠠᠰᠠᠭ ᠢ ᠪᠦᠷᠢᠳᠦᠭᠦᠯᠬᠦ ᠳᠦ ᠢᠳᠡᠪᠬᠢᠲᠡᠢ ᠪᠡᠷ ᠬᠤᠪᠢ ᠨᠡᠮᠡᠷᠢ ᠣᠷᠣᠭᠤᠯᠬᠤ ᠶᠢ ᠤᠷᠢᠶᠠᠯᠠᠵᠤ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ