ᠣᠷᠣᠰ᠂ ᠮᠣᠩᠭᠣᠯ ᠤᠨ ᠴᠡᠷᠢᠭ ᠦᠨ ᠬᠡᠭᠡᠷ᠎ᠡ ᠶᠢᠨ ᠰᠤᠷᠭᠠᠭᠤᠯᠢᠯᠲᠠ ᠡᠬᠢᠯᠡᠪᠡ  | News.MN

ᠣᠷᠣᠰ᠂ ᠮᠣᠩᠭᠣᠯ ᠤᠨ ᠴᠡᠷᠢᠭ ᠦᠨ ᠬᠡᠭᠡᠷ᠎ᠡ ᠶᠢᠨ ᠰᠤᠷᠭᠠᠭᠤᠯᠢᠯᠲᠠ ᠡᠬᠢᠯᠡᠪᠡ 

ᠣᠷᠣᠰ ᠮᠣᠩᠭᠣᠯ ᠤᠯᠤᠰ ᠤᠨ ᠴᠡᠷᠢᠭ ᠦᠨ ᠬᠠᠮᠲᠤᠷᠠᠭᠰᠠᠨ ︽ᠰᠡᠯᠡᠩᠭᠡ-2019︾ ᠪᠠᠶᠢᠯᠳᠤᠭᠠᠨ ᠤ ᠪᠤᠤᠳᠠᠯᠭ᠎ᠠ ᠲᠠᠢ ᠬᠡᠭᠡᠷ᠎ᠡ ᠶᠢᠨ ᠰᠤᠷᠭᠠᠭᠤᠯᠢᠯᠲᠠ ᠳᠣᠷᠣᠨᠠᠲᠤ ᠠᠶᠢᠮᠠᠭ ᠤᠨ ᠴᠣᠶᠢᠪᠠᠯᠰᠠᠩ ᠬᠣᠲᠠ ᠳᠤ ᠡᠨᠡ ᠰᠠᠷ᠎ᠠ ᠶᠢᠨ 15 ᠍ ᠳᠦ ᠡᠬᠢᠯᠡᠯ᠎ᠡ᠃ ᠬᠣᠶᠠᠷ ᠣᠷᠣᠨ ᠤ 1500 ᠭᠠᠷᠤᠢ ᠴᠡᠷᠢᠭ ᠦᠨ ᠠᠯᠪᠠ ᠬᠠᠭᠠᠭᠴᠢ 8 ᠳ᠋ᠤᠭᠠᠷ ᠰᠠᠷ᠎ᠠ ᠶᠢᠨ 27  ᠬᠦᠷᠲᠡᠯ᠎ᠡ ᠬᠠᠮᠲᠤᠷᠠᠭᠰᠠᠨ ᠴᠡᠷᠢᠭ ᠦᠨ ᠰᠤᠷᠭᠠᠭᠤᠯᠢᠯᠲᠠ ᠦᠵᠡᠭᠦᠯᠦᠨ᠎ᠡ᠃
ᠮᠣᠩᠭᠣᠯ᠂ ᠣᠷᠣᠰ ᠢ ᠳᠠᠮᠨᠠᠨ ᠤᠷᠤᠰᠳᠠᠭ ᠰᠡᠯᠡᠩᠭᠡ ᠮᠥᠷᠡᠨ ᠦ ᠨᠡᠷ᠎ᠡ ᠪᠡᠷ ᠨᠡᠷᠡᠯᠡᠭᠳᠡᠭᠰᠡᠨ ᠲᠤᠰ ᠰᠤᠷᠭᠠᠭᠤᠯᠢᠯᠲᠠ ᠶᠢ 2008 ᠣᠨ ᠠᠴᠠ ᠬᠣᠶᠢᠰᠢ 12 ᠳᠠᠬᠢ ᠵᠢᠯ ᠳᠦ ᠪᠡᠨ ᠵᠣᠬᠢᠶᠠᠨ ᠪᠠᠶᠢᠭᠤᠯᠵᠤ ᠪᠠᠶᠢᠨ᠎ᠠ᠃  ᠴᠡᠷᠢᠭ ᠦᠳ ᠰᠤᠶᠤᠯ᠂ ᠠᠮᠠᠷᠠᠯᠲᠠ ᠴᠢᠯᠦᠭᠡᠲᠦ ᠴᠠᠭ᠂ ᠤᠷᠠᠯᠢᠭ᠂ ᠰᠫᠣᠷᠲ ᠤᠨ ᠠᠷᠭ᠎ᠠ ᠬᠡᠮᠵᠢᠶᠡᠨ ᠳᠦ ᠤᠷᠤᠯᠴᠠᠬᠤ ᠪᠥᠭᠡᠳ ᠪᠠᠶᠢᠯᠳᠤᠭᠠᠨ ᠤ ᠪᠤᠤᠳᠠᠯᠭ᠎ᠠ ᠲᠠᠢ ᠬᠡᠭᠡᠷ᠎ᠡ ᠶᠢᠨ ᠰᠤᠷᠭᠠᠭᠤᠯᠢᠯᠲᠠ ᠪᠠᠷ ᠬᠠᠤᠯᠢ ᠪᠤᠰᠤ ᠵᠡᠪᠰᠡᠭᠲᠦ ᠪᠦᠯᠦᠭᠯᠡᠯ ᠦᠳ ᠢ ᠤᠰᠠᠳᠬᠠᠬᠤ ᠲᠠᠺᠲ᠋ᠢᠺ ᠤᠨ ᠠᠵᠢᠯᠯᠠᠭ᠎ᠠ ᠶᠠᠪᠤᠭᠤᠯᠤᠨ᠎ᠠ᠃

ᠰᠡᠳᠬᠢᠭᠳᠡᠯ ᠦᠯᠡᠳᠡᠭᠡᠬᠦ