︽ᠥᠭᠡᠯᠦᠨ︾ ᠪᠤᠨᠳ᠋ ᠢ ᠣᠯᠠᠨ ᠤᠯᠤᠰ ᠲᠤ ᠠᠷᠠᠯᠵᠢᠶᠠᠯᠠᠵᠠᠢ  | News.MN

 ︽ᠥᠭᠡᠯᠦᠨ︾ ᠪᠤᠨᠳ᠋ ᠢ ᠣᠯᠠᠨ ᠤᠯᠤᠰ ᠲᠤ ᠠᠷᠠᠯᠵᠢᠶᠠᠯᠠᠵᠠᠢ 

ᠮᠣᠩᠭᠣᠯ ᠤᠨ ᠬᠥᠷᠥᠩᠭᠡ ᠶᠢᠨ ᠪᠢᠷᠵᠢ ᠶᠢᠨ ᠨᠢᠭᠡᠳᠦᠭᠡᠷ ᠠᠩᠭᠢᠯᠠᠯ ᠳᠤ ᠪᠦᠷᠢᠳᠬᠡᠯ ᠲᠡᠢ МИК HOLDIG  ᠺᠤᠮᠫᠠᠨᠢ 2019 ᠣᠨ ᠤ ᠡᠬᠢᠨ ᠦ ᠬᠠᠭᠠᠰ ᠵᠢᠯ ᠦᠨ ᠰᠠᠩᠬᠦᠦ ᠶᠢᠨ ᠲᠠᠶᠢᠯᠤᠨ ᠢᠶᠠᠨ ᠣᠯᠠᠨ ᠨᠡᠶᠢᠲᠡ ᠳᠦ ᠨᠡᠭᠡᠭᠡᠯᠲᠡᠲᠡᠢ ᠲᠠᠨᠢᠯᠴᠠᠭᠤᠯᠪᠠ᠃

ᠲᠤᠰ ᠺᠣᠮᠫᠠᠨᠢ 3 ᠵᠢᠯ ᠦᠨ ᠬᠤᠭᠤᠴᠠᠭ᠎ᠠ ᠲᠠᠢ᠂ ᠵᠢᠯ ᠦᠨ 9.75 ᠬᠤᠪᠢ ᠶᠢᠨ ᠬᠦᠦ  ᠲᠡᠢ᠂ 300 ᠰᠠᠶ᠎ᠠ ᠳ᠋ᠣᠯᠯᠠᠷ ᠤᠨ ᠦᠨ᠎ᠡ ᠶᠢᠨ ᠳ᠋ᠦᠩ ᠪᠦᠬᠦᠢ ︽ᠥᠭᠡᠯᠦᠨ︾  ᠪᠤᠨᠳ᠋ ᠢ ᠰᠢᠩᠭᠠᠫᠦᠷ ᠤᠨ ᠬᠥᠷᠥᠩᠭᠡ ᠶᠢᠨ ᠪᠢᠷᠵᠢ ᠪᠡᠷ ᠳᠠᠮᠵᠢᠭᠤᠯᠤᠨ ᠣᠯᠠᠨ ᠤᠯᠤᠰ ᠤᠨ ᠬᠥᠷᠥᠩᠭᠡ ᠶᠢᠨ ᠵᠠᠬ᠎ᠠ ᠵᠡᠭᠡᠯᠢ ᠳᠡᠭᠡᠷ᠎ᠡ ᠠᠮᠵᠢᠯᠲᠠ ᠲᠠᠢ ᠠᠷᠠᠯᠵᠢᠭᠰᠠᠨ ᠪᠠᠶᠢᠨ᠎ᠠ᠃ ᠢᠩᠭᠢᠭᠰᠡᠨ ᠢᠶᠡᠷ ᠮᠣᠩᠭᠣᠯ ᠤᠯᠤᠰ ᠠᠴᠠ ᠣᠯᠠᠨ ᠤᠯᠤᠰ ᠤᠨ ᠵᠠᠬ᠎ᠠ ᠵᠡᠭᠡᠯᠢ ᠳᠡᠭᠡᠷ᠎ᠡ ᠦᠨᠡᠲᠦ ᠴᠠᠭᠠᠰᠤ ᠠᠷᠠᠯᠵᠢᠶᠠᠯᠠᠭᠰᠠᠨ ᠬᠤᠪᠢ ᠶᠢᠨ ᠬᠡᠪᠰᠢᠯ ᠦᠨ  ᠭᠤᠷᠪᠠᠳᠠᠬᠢ ᠪᠠᠶᠢᠭᠤᠯᠤᠯᠭ᠎ᠠ ᠪᠣᠯᠵᠠᠢ᠃

ᠰᠡᠳᠬᠢᠭᠳᠡᠯ ᠦᠯᠡᠳᠡᠭᠡᠬᠦ