ᠳᠣᠷᠣᠨᠠᠭᠣᠪᠢ ᠠᠶᠢᠮᠠᠭ ᠤᠨ ᠰᠠᠶᠢᠨᠱᠠᠩᠳᠠ᠂ ᠥᠷᠭᠡᠨ᠂ ᠡᠷᠳᠡᠨᠢ ᠰᠤᠮᠤ ᠶᠢᠨ ᠨᠤᠲᠤᠭ ᠬᠠᠷ᠎ᠠ ᠲᠠᠯ᠎ᠠ ᠬᠡᠮᠡᠬᠦ ᠭᠠᠵᠠᠷ ᠲᠤ ᠣᠯᠭᠤᠭᠰᠠᠨ MV-02873 ᠲᠣᠭᠠᠲᠤ ᠠᠰᠢᠭᠯᠠᠯᠲᠠ ᠶᠢᠨ ᠲᠤᠰᠬᠠᠢ ᠵᠥᠪᠰᠢᠶᠡᠷᠡᠯ ᠡᠵᠡᠮᠰᠢᠭᠴᠢ ︽ᠳ᠋ᠠᠪᠯᠢᠦ᠋ ᠡᠰ ᠵᠢᠢ ᠡᠯ︾ ᠺᠤᠮᠫᠠᠨᠢ᠂ ︽ᠣᠯᠠᠨ ᠶᠡᠬᠡᠲᠦ ᠪᠠᠶᠠᠨ︾ ᠺᠤᠮᠫᠠᠨᠢ ᠶᠢᠨ ᠲᠤᠰᠬᠠᠢ ᠵᠥᠪᠰᠢᠶᠡᠷᠡᠯ ᠢ 2019 ᠣᠨ ᠤ 07 ᠳ᠋ᠤᠭᠠᠷ ᠰᠠᠷ᠎ᠠ ᠶᠢᠨ 26 ᠍ ᠳᠦ ᠰᠢᠭᠦᠬᠦ ᠶᠢᠨ ᠰᠢᠢᠳᠪᠦᠷᠢ ᠶᠢᠨ ᠳᠠᠭᠠᠤ ᠴᠤᠴᠠᠯᠠᠵᠠᠢ᠃ ᠭᠣᠪᠢ ᠶᠢᠨ ᠲᠠᠪᠤᠳᠤᠭᠠᠷ ᠨᠣᠶᠠᠨ ᠬᠤᠲᠤᠭᠲᠤ ᠳ᠋ᠠᠨᠽᠠᠨᠷᠠᠪᠵᠠᠢ ᠶᠢᠨ ᠪᠦᠲᠦᠭᠡᠯ ᠢᠶᠡᠨ ᠲᠤᠭᠤᠷᠪᠢᠵᠤ᠂ ᠰᠣᠶᠣᠨ ᠭᠡᠭᠡᠷᠡᠭᠦᠯᠵᠦ ᠶᠠᠪᠤᠭᠰᠠᠨ ᠬᠠᠮᠠᠷ ᠤᠨ ᠬᠡᠶᠢᠳ᠂ ᠱᠠᠮᠪᠠᠯ ᠤᠨ ᠣᠷᠣᠨ᠂ ᠡᠨᠧᠷᠭᠢ ᠶᠢᠨ ᠲᠥᠪ ᠦᠨ ᠣᠷᠴᠢᠮ ᠤᠨ ᠣᠷᠣᠨ ᠨᠤᠲᠤᠭ ᠤᠨ ᠲᠤᠰᠬᠠᠢ ᠬᠠᠮᠠᠭᠠᠯᠠᠯᠲᠠ ᠲᠠᠢ ᠪᠥᠰᠡ ᠨᠤᠲᠤᠭ ᠲᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠥᠷᠥᠩᠭᠡ ᠣᠷᠣᠭᠤᠯᠤᠯᠲᠠ ᠲᠠᠢ ︽ᠳ᠋ᠠᠪᠯᠢᠦ᠋ ᠡᠰ ᠵᠢᠢ ᠡᠯ︾ ᠺᠤᠮᠫᠠᠨᠢ ᠥᠩᠭᠡᠷᠡᠭᠰᠡᠨ ᠣᠨ ᠤ ᠨᠢᠭᠡᠳᠦᠭᠡᠷ ᠰᠠᠷ᠎ᠠ ᠳᠤ ᠨᠡᠭᠦᠷᠡᠰᠦ ᠣᠯᠪᠤᠷᠢᠯᠠᠬᠤ ᠪᠠᠷ ᠮᠠᠰᠢᠨ ᠲᠧᠭᠨᠢᠭ ᠢᠶᠡᠨ ᠵᠡᠬᠡᠭᠡᠳ ᠪᠠᠶᠢᠬᠤ ᠳᠤ ᠨᠢ ᠦᠢᠯᠡ ᠠᠵᠢᠯᠯᠠᠭ᠎ᠠ ᠶᠢ ᠨᠢ ᠵᠣᠭᠰᠣᠭᠠᠭᠰᠠᠨ ᠶᠤᠮ᠃
ᠲᠤᠬᠠᠢ ᠶᠢᠨ ᠦᠶ᠎ᠡ ᠳᠦ ︽ᠳ᠋ᠠᠪᠯᠢᠦ᠋ ᠡᠰ ᠵᠢᠢ ᠡᠯ︾ ᠺᠤᠮᠫᠠᠨᠢ ᠨᠢ ᠠᠰᠢᠭᠯᠠᠯᠲᠠ ᠶᠢᠨ ᠵᠥᠪᠰᠢᠶᠡᠷᠡᠯ ᠲᠡᠢ ᠴᠤ ᠣᠷᠣᠨ ᠨᠤᠲᠤᠭ ᠤᠨ ᠤᠳᠤᠷᠢᠳᠤᠯᠭ᠎ᠠ ᠲᠠᠢ ᠠᠭᠤᠯᠵᠠᠯ ᠦᠭᠡᠢ᠂ ᠬᠠᠤᠯᠢ ᠶᠢᠨ ᠳᠠᠭᠠᠤ ᠲᠧᠭᠨᠢᠭ ᠡᠳ᠋ ᠍ ᠦᠨ ᠵᠠᠰᠠᠭ ᠤᠨ ᠦᠨᠳᠦᠰᠦᠯᠡᠯ ᠪᠣᠯᠪᠠᠰᠤᠷᠠᠭᠤᠯᠵᠤ ᠬᠣᠯᠪᠣᠭᠳᠠᠬᠤ ᠪᠠᠶᠢᠭᠤᠯᠤᠯᠭ᠎ᠠ ᠪᠠᠷ ᠪᠠᠲᠤᠯᠠᠭᠤᠯᠤᠭᠠ ᠦᠭᠡᠢ᠂ ᠪᠠᠶᠢᠭᠠᠯᠢ ᠣᠷᠴᠢᠨ ᠤ ᠨᠠᠷᠢᠪᠴᠢᠯᠠᠭᠰᠠᠨ ᠦᠨᠡᠯᠡᠭᠡ ᠬᠢᠭᠡ ᠦᠭᠡᠢ ᠲᠡᠳᠦᠢ ᠦᠭᠡᠢ ᠣᠷᠣᠨ ᠨᠤᠲᠤᠭ ᠤᠨ ᠢᠷᠭᠡᠳ ᠢᠶᠡᠷ ᠬᠡᠯᠡᠯᠴᠡᠭᠦᠯᠵᠦ ᠰᠠᠨᠠᠯ ᠢ ᠨᠢ ᠠᠪᠤᠭ᠎ᠠ ᠦᠭᠡᠢ ᠪᠠᠶᠢᠭᠰᠠᠨ ᠶᠤᠮ᠃