ᠳᠣᠲᠣᠭᠠᠳᠤ ᠶᠢᠨ ᠵᠢᠭᠡᠯᠡ 16.8 ᠶᠡᠬᠡ ᠨᠠᠶᠤᠳ ᠲᠥᠭᠥᠷᠢᠭ ᠪᠣᠯᠵᠠᠢ  | News.MN

ᠳᠣᠲᠣᠭᠠᠳᠤ ᠶᠢᠨ ᠵᠢᠭᠡᠯᠡ 16.8 ᠶᠡᠬᠡ ᠨᠠᠶᠤᠳ ᠲᠥᠭᠥᠷᠢᠭ ᠪᠣᠯᠵᠠᠢ 

ᠪᠠᠩᠬᠢᠨ ᠤ ᠰᠠᠯᠪᠤᠷᠢ ᠶᠢᠨ ᠨᠡᠶᠢᠲᠡ ᠠᠺᠲ᠋ᠢᠪ ᠡᠨᠡ ᠣᠨ ᠤ ᠬᠣᠶᠠᠳᠤᠭᠠᠷ ᠤᠯᠠᠷᠢᠯ ᠤᠨ ᠪᠠᠶᠢᠳᠠᠯ ᠢᠶᠠᠷ 34.7 ᠶᠡᠬᠡ ᠨᠠᠶᠤᠳ ᠲᠥᠭᠥᠷᠢᠭ ᠪᠣᠯᠵᠠᠢ᠃ ᠡᠨᠡ ᠨᠢ ᠡᠮᠦᠨᠡᠬᠢ ᠤᠯᠠᠷᠢᠯ ᠠᠴᠠ 1.2 ᠶᠡᠬᠡ ᠨᠠᠶᠤᠳ ᠲᠥᠭᠥᠷᠢᠭ ᠢᠶᠡᠷ᠂ ᠡᠮᠦᠨᠡᠬᠢ ᠣᠨ ᠤ ᠮᠥᠨ ᠦᠶ᠎ᠡ ᠡᠴᠡ 4.5 ᠶᠡᠬᠡ ᠨᠠᠶᠤᠳ ᠲᠥᠭᠥᠷᠢᠭ ᠢᠶᠡᠷ ᠥᠰᠦᠭᠰᠡᠨ ᠲᠣᠭ᠎ᠠ ᠶᠤᠮ᠃ ᠲᠡᠭᠡᠪᠡᠯ ᠪᠠᠩᠬᠢ ᠨᠤᠭᠤᠳ ᠤᠨ ᠨᠡᠶᠢᠲᠡ ᠨᠥᠭᠡᠴᠡ 4.4 ᠶᠡᠬᠡ ᠨᠠᠶᠤᠳ ᠲᠥᠭᠥᠷᠢᠭ ᠲᠦ ᠬᠦᠷᠴᠦ ᠡᠮᠦᠨᠡᠬᠢ ᠣᠨ ᠤ ᠮᠥᠨ ᠦᠶ᠎ᠡ ᠡᠴᠡ 1.5 ᠶᠡᠬᠡ ᠨᠠᠶᠤᠳ ᠲᠥᠭᠥᠷᠢᠭ ᠢᠶᠡᠷ ᠥᠰᠴᠠᠢ᠃ ᠪᠠᠩᠬᠢ ᠨᠤᠭᠤᠳ ᠤᠨ ᠳᠣᠲᠣᠭᠠᠳᠤ ᠶᠢᠨ ᠵᠢᠭᠡᠯᠡ ᠲᠣᠭᠲᠠᠮᠠᠯ ᠥᠰᠦᠭᠰᠡᠭᠡᠷ ᠡᠨᠡ ᠬᠤᠭᠤᠴᠠᠭᠠᠨ ᠳᠤ 16.8 ᠶᠡᠬᠡ ᠨᠠᠶᠤᠳ ᠲᠥᠭᠥᠷᠢᠭ ᠲᠦ ᠬᠦᠷᠦᠭᠰᠡᠨ ᠪᠠᠶᠢᠨ᠎ᠠ᠃ ᠡᠭᠦᠨ ᠡᠴᠡ ᠴᠢᠨᠠᠷ ᠦᠭᠡᠢ ᠵᠢᠭᠡᠯᠡ 1.9 ᠶᠡᠬᠡ ᠨᠠᠶᠤᠳ ᠲᠥᠭᠥᠷᠢᠭ ᠪᠤᠶᠤ ᠨᠡᠶᠢᠲᠡ ᠵᠢᠭᠡᠯᠡ ᠶᠢᠨ 11.3 ᠬᠤᠪᠢ ᠶᠢ ᠡᠵᠡᠯᠡᠵᠡᠢ᠃

ᠰᠡᠳᠬᠢᠭᠳᠡᠯ ᠦᠯᠡᠳᠡᠭᠡᠬᠦ