ᠰᠢᠭᠦᠬᠦ ᠶᠢᠨ ᠬᠠᠷᠢᠶᠠᠲᠤ ᠪᠤᠰᠤ ᠪᠠᠶᠢᠳᠠᠯ ᠤᠨ ᠵᠢᠭᠠᠯᠲᠠ ᠶᠢ ᠬᠠᠰᠤᠭᠰᠠᠨ  | News.MN

ᠰᠢᠭᠦᠬᠦ ᠶᠢᠨ ᠬᠠᠷᠢᠶᠠᠲᠤ ᠪᠤᠰᠤ ᠪᠠᠶᠢᠳᠠᠯ ᠤᠨ ᠵᠢᠭᠠᠯᠲᠠ ᠶᠢ ᠬᠠᠰᠤᠭᠰᠠᠨ 

ᠤᠯᠤᠰ ᠤᠨ ᠶᠡᠬᠡ ᠬᠤᠷᠠᠯ ᠤᠨ ᠭᠡᠰᠢᠭᠦᠨ ᠲ∙ᠠᠶᠤᠤᠷᠰᠠᠶᠢᠬᠠᠨ ᠠᠴᠠ ᠵᠠᠷᠢᠮ ᠵᠦᠢᠯ ᠢ ᠲᠣᠳᠣᠷᠠᠭᠤᠯᠤᠯ᠎ᠠ᠃
– ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠳᠡᠭᠡᠷ᠎ᠡ ᠰᠢᠭᠦᠬᠦ ᠡᠷᠬᠡ ᠮᠡᠳᠡᠯ ᠦᠨ ᠬᠠᠷᠢᠶᠠᠲᠤ ᠪᠤᠰᠤ ᠪᠠᠶᠢᠳᠠᠯ ᠢ ᠬᠠᠩᠭᠠᠭᠰᠠᠨ ᠵᠢᠭᠠᠯᠲᠠ ᠨᠤᠭᠤᠳ ᠢ ᠤᠨᠠᠭᠠᠭᠰᠠᠨ ᠨᠢ ᠭᠡᠰᠢᠭᠦᠳ ᠦᠨ ᠰᠢᠭᠦᠮᠵᠢᠯᠡᠯ ᠢ ᠳᠠᠭᠠᠭᠤᠯᠤᠭᠠᠳ ᠪᠠᠶᠢᠬᠤ ᠰᠢᠭ᠋ ᠪᠠᠶᠢᠨ᠎ᠠ᠃ ᠲᠠ ᠡᠨᠡ ᠠᠰᠠᠭᠤᠳᠠᠯ ᠳᠤ ᠶᠠᠮᠠᠷ ᠪᠠᠶᠢᠷᠢ ᠰᠠᠭᠤᠷᠢ ᠲᠠᠢ ᠪᠠᠶᠢᠭ᠎ᠠ ᠪᠤᠢ︖
– ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠥᠰᠥᠯ ᠳᠦ ᠲᠤᠰᠬᠠᠭᠳᠠᠭᠰᠠᠨ  ᠪᠠᠶᠢᠭᠠᠯᠢ ᠶᠢᠨ ᠪᠠᠶᠠᠯᠢᠭ ᠢ ᠶᠠᠭᠠᠬᠢᠵᠤ ᠵᠠᠷᠤᠴᠠᠭᠤᠯᠬᠤ᠂ ᠠᠰᠢᠭᠯᠠᠬᠤ᠂ ᠠᠷᠠᠳ ᠲᠦᠮᠡᠨ ᠳᠦ ᠬᠤᠪᠢᠶᠠᠷᠢᠯᠠᠬᠤ᠂ ᠴᠣᠷ ᠤᠨ ᠭᠠᠭᠴᠠ ᠬᠥᠭᠵᠢᠯ ᠦᠨ ᠲᠤᠯᠭᠠᠭᠤᠷᠢ ᠪᠣᠯᠤᠭᠰᠠᠨ ᠪᠠᠶᠢᠭᠠᠯᠢ ᠶᠢᠨ ᠪᠠᠶᠠᠯᠢᠭ ᠤᠨ ᠲᠡᠭᠰᠢ ᠬᠤᠪᠢᠶᠠᠷᠢᠯᠠᠯᠲᠠ᠂ ᠰᠢᠭᠦᠬᠦ ᠶᠢᠨ ᠷᠧᠹᠤᠷᠮ ᠪᠠᠶᠢᠬᠤ ᠶᠣᠰᠣᠲᠠᠢ ᠭᠡᠰᠡᠨ ᠰᠠᠨᠠᠯ ᠤᠳ ᠢ ᠳᠡᠮᠵᠢᠵᠦ ᠪᠠᠶᠢᠭᠰᠠᠨ᠃ ᠰᠢᠭᠦᠬᠦ ᠪᠣᠯ ᠨᠢᠭᠡ ᠬᠦᠮᠦᠨ ᠦ ᠬᠠᠷᠢᠶᠠᠲᠤ ᠪᠠᠶᠢᠳᠠᠯ ᠣᠳᠣ ᠴᠤ ᠶᠠᠪᠤᠵᠤ ᠪᠠᠶᠢᠭ᠎ᠠ᠃ ᠨᠢᠭᠡ ᠬᠦᠮᠦᠨ ᠪᠦᠬᠦ ᠰᠢᠭᠦᠭᠴᠢ ᠶᠢ ᠲᠣᠮᠢᠯᠠᠵᠤ᠂ ᠴᠢᠯᠦᠭᠡᠯᠡᠵᠦ᠂ ᠪᠦᠷᠢᠳᠦᠭᠦᠯᠵᠦ᠂ ᠪᠦᠬᠦ ᠨᠠᠰᠤ ᠪᠠᠷ ᠨᠢ ᠲᠣᠮᠢᠯᠠᠵᠤ ᠪᠣᠯᠳᠠᠭ ᠲᠣᠭᠲᠠᠯᠴᠠᠭ᠎ᠠ ᠨᠢ ᠨᠡᠶᠢᠭᠡᠮ ᠢ ᠭᠠᠵᠢᠭᠤᠳᠠᠭᠤᠯᠤᠭᠰᠠᠨ᠃ ᠣᠳᠣ ᠶᠢᠨ ᠶᠡᠷᠦᠩᠬᠡᠶᠢᠯᠡᠭᠴᠢ ᠴᠤ ᠶᠠᠭ ᠡᠶᠢᠮᠦ ᠵᠠᠮ ᠢᠶᠠᠷ ᠶᠠᠪᠤᠵᠤ ᠪᠠᠶᠢᠨ᠎ᠠ᠃ ᠲᠡᠶᠢᠮᠦ ᠡᠴᠡ ᠰᠢᠭᠦᠬᠦ ᠶᠢᠨ ᠷᠧᠹᠤᠷᠮ ᠬᠢᠬᠦ ᠶᠣᠰᠣᠲᠠᠢ ᠪᠠᠶᠢᠭᠰᠠᠨ᠃

– ᠭᠡᠬᠦ ᠳᠦ ᠪᠡᠨ ᠠᠩᠬᠠᠨ ᠤ ᠡᠷᠭᠦᠨ ᠪᠠᠷᠢᠭᠳᠠᠭᠰᠠᠨ ᠲᠥᠰᠥᠯ ᠡᠴᠡ ᠶᠡᠬᠡᠩᠬᠢ ᠵᠢᠭᠠᠯᠲᠠ ᠨᠤᠭᠤᠳ  ᠬᠠᠰᠤᠭᠳᠠᠴᠢᠬᠠᠬᠤ ᠰᠢᠭ᠋ ᠪᠣᠯᠤᠯ᠎ᠠ︖
– ᠬᠠᠷᠠᠮᠰᠠᠯᠲᠠᠢ ᠨᠢ ᠶᠡᠷᠦᠩᠬᠡᠶᠢᠯᠡᠭᠴᠢ ᠶᠢᠨ ᠰᠠᠨᠠᠯ ᠢᠶᠠᠷ᠂ ᠰᠢᠬᠠᠯᠲᠠ ᠪᠠᠷ ᠬᠠᠰᠤᠭᠰᠠᠨ᠃ ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠥᠰᠥᠯ ᠦᠨ 49 ᠍ ᠳᠦᠭᠡᠷ ᠵᠦᠢᠯ ᠳᠦ ᠄ ᠰᠢᠭᠦᠬᠦ ᠶᠢᠨ ᠶᠡᠷᠦᠩᠬᠡᠢ ᠵᠥᠪᠯᠡᠯ ᠦᠨ ᠲᠠᠪᠤ ᠶᠢ ᠨᠢ ᠰᠢᠭᠦᠬᠦ ᠶᠢᠨ ᠪᠠᠶᠢᠭᠤᠯᠤᠯᠭ᠎ᠠ ᠠᠴᠠ ᠥᠷᠢᠰᠦᠯᠳᠦᠭᠦᠯᠵᠦ᠂ ᠲᠠᠪᠤ ᠶᠢ ᠨᠢ ᠤᠯᠤᠰ ᠤᠨ ᠶᠡᠬᠡ ᠬᠤᠷᠠᠯ ᠳᠡᠭᠡᠷ᠎ᠡ ᠬᠠᠷᠢᠶᠠᠲᠤ ᠪᠤᠰᠤ ᠪᠠᠷ ᠪᠤᠶᠤ ᠨᠡᠭᠡᠭᠡᠯᠲᠡ ᠲᠡᠢ ᠰᠣᠨᠣᠰᠬᠠᠯ᠂ ᠥᠷᠢᠰᠦᠯᠳᠦᠭᠡᠨ ᠦ ᠵᠠᠷᠴᠢᠮ ᠵᠡᠷᠭᠡ ᠥᠨᠳᠥᠷ ᠪᠤᠱᠤᠭ᠎ᠠ ᠲᠠᠢ ᠪᠠᠷ ᠲᠤᠮᠢᠯᠠᠬᠤ᠂ ᠮᠥᠨ ᠰᠢᠭᠦᠭᠴᠢ ᠨᠠᠷ ᠢ ᠶᠡᠷᠦᠩᠬᠡᠶᠢᠯᠡᠭᠴᠢ ᠶᠢᠨ ᠰᠢᠢᠳᠪᠦᠷᠢ ᠪᠡᠷ ᠪᠤᠰᠤ ᠰᠢᠭᠦᠭᠴᠢ ᠨᠠᠷ ᠳᠣᠲᠣᠷ᠎ᠠ ᠠᠴᠠ ᠪᠠᠨ ᠰᠣᠩᠭᠣᠵᠤ᠂ ᠰᠢᠭᠦᠬᠦ ᠶᠢᠨ ᠶᠡᠷᠦᠩᠬᠡᠢ ᠵᠥᠪᠯᠡᠯ ᠪᠦᠬᠦ ᠱᠠᠲᠤᠨ ᠤ ᠰᠢᠭᠦᠭᠴᠢ ᠨᠠᠷ ᠢᠶᠠᠨ ᠰᠣᠩᠭᠣᠵᠤ᠂ ᠲᠡᠭᠦᠨ ᠢ ᠨᠢ ᠶᠡᠷᠦᠩᠬᠡᠶᠢᠯᠡᠭᠴᠢ ᠪᠠᠲᠤᠯᠠᠮᠵᠢᠯᠠᠬᠤ ᠶᠣᠰᠣᠲᠠᠢ᠃ ᠬᠡᠷᠪᠡ  ᠲᠤᠮᠢᠯᠠᠯᠭ᠎ᠠ ᠦᠨᠳᠦᠰᠦᠨ ᠬᠠᠤᠯᠢ ᠵᠥᠷᠢᠴᠡᠭᠰᠡᠨ ᠭᠡᠵᠦ ᠦᠵᠡᠪᠡᠯ ᠣᠯᠠᠨ ᠨᠡᠶᠢᠲᠡ ᠳᠦ ᠮᠡᠳᠡᠭᠡᠯᠡᠵᠦ᠂ ᠲᠠᠲᠠᠭᠠᠯᠵᠠᠬᠤ ᠡᠷᠬᠡ ᠲᠡᠢ ᠪᠠᠶᠢᠬᠤ ᠪᠠᠷ ᠵᠣᠬᠢᠴᠠᠭᠤᠯᠤᠯᠲᠠ ᠬᠢᠵᠦ ᠥᠭᠭᠦᠭᠰᠡᠨ᠃ ᠲᠡᠭᠦᠨ ᠡᠴᠡ ᠭᠠᠳᠠᠨ᠎ᠠ ᠰᠢᠭᠦᠬᠦ ᠶᠢᠨ ᠬᠠᠷᠢᠭᠤᠴᠠᠯᠭ᠎ᠠ ᠶᠢᠨ ᠵᠥᠪᠯᠡᠯ ᠪᠠᠶᠢᠭᠤᠯᠵᠤ᠂ ᠥᠨᠳᠥᠷ ᠪᠤᠱᠤᠭ᠎ᠠ ᠲᠠᠢ ᠪᠠᠷ ᠢᠷᠭᠡᠳ ᠡᠴᠡ ᠰᠣᠩᠭᠣᠨ ᠰᠢᠯᠭᠠᠷᠠᠭᠤᠯᠵᠤ᠂ ᠪᠦᠬᠦ ᠱᠠᠲᠤᠨ ᠤ ᠰᠢᠭᠦᠭᠴᠢᠳ ᠬᠠᠷᠢᠭᠤᠴᠠᠯᠭ᠎ᠠ ᠲᠣᠭᠠᠴᠠᠳᠠᠭ᠂ ᠱᠠᠭᠠᠷᠳᠠᠯᠭ᠎ᠠ ᠲᠠᠢ ᠪᠣᠯ ᠴᠢᠯᠦᠭᠡᠯᠡᠳᠡᠭ᠂ ᠣᠭᠴᠣᠷᠠᠭᠤᠯᠳᠠᠭ ᠵᠡᠷᠭᠡ ᠰᠢᠭᠦᠬᠦ ᠶᠢ ᠬᠠᠷᠢᠭᠤᠴᠠᠯᠭ᠎ᠠ ᠲᠠᠢ ᠪᠣᠯᠭᠠᠬᠤ ᠲᠣᠭᠲᠠᠯᠴᠠᠭ᠎ᠠ ᠶᠢ ᠲᠤᠰᠬᠠᠭᠰᠠᠨ ᠪᠠᠶᠢᠭᠰᠠᠨ᠃ ᠭᠡᠪᠡᠴᠦ ᠡᠳᠡᠭᠡᠷ ᠵᠢᠭᠠᠯᠲᠠ ᠨᠤᠭᠤᠳ ᠬᠠᠰᠤᠭᠳᠠᠭᠰᠠᠨ᠃

– ᠮᠤᠩᠭᠤᠯ ᠠᠷᠠᠳ ᠤᠨ ᠨᠠᠮ᠍ ᠤᠨ ᠪᠦᠯᠦᠭ ᠦᠨ ᠭᠡᠰᠢᠭᠦᠳ ᠶᠡᠷᠦᠩᠬᠡᠶᠢᠯᠡᠭᠴᠢ ᠶᠢᠨ ᠰᠠᠨᠠᠯ ᠤᠳ ᠢ ᠳᠡᠮᠵᠢᠵᠦ ᠪᠠᠶᠢᠭ᠎ᠠ ᠤᠤ︖
– ᠳ∙ᠯᠦᠩᠳᠦᠭᠵᠡᠯᠰᠡᠨ ᠭᠡᠰᠢᠭᠦᠨ ᠲᠠᠶᠢᠯᠪᠤᠷᠢᠯᠠᠬᠤ ᠳᠤ ᠪᠠᠨ ᠰᠢᠭᠦᠬᠦ ᠶᠢᠨ ᠠᠰᠠᠭᠤᠳᠠᠯ ᠢ ᠪᠦᠯᠦᠭ ᠳᠡᠭᠡᠷ᠎ᠡ ᠪᠤᠰᠤ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠳᠡᠭᠡᠷ᠎ᠡ ᠬᠠᠰᠤᠭᠳᠠᠭᠰᠠᠨ ᠭᠡᠵᠦ ᠲᠠᠶᠢᠯᠪᠤᠷᠢᠯᠠᠵᠤ ᠪᠠᠶᠢᠨ᠎ᠠ᠃ ᠣᠷᠭᠠᠨᠢᠭ ᠬᠠᠤᠯᠢ ᠪᠠᠷ ᠢᠶᠠᠨ ᠰᠢᠭᠦᠬᠦ ᠶᠢᠨ ᠷᠧᠹᠤᠷᠮ ᠢ ᠰᠢᠨᠡᠳᠭᠡᠬᠦ ᠪᠣᠯᠤᠮᠵᠢ ᠲᠠᠢ ᠭᠡᠰᠡᠨ ᠲᠠᠶᠢᠯᠪᠤᠷᠢ ᠥᠭᠭᠦᠭᠰᠡᠨ᠃ ᠬᠡᠷᠪᠡ ᠣᠷᠭᠠᠨᠢᠭ ᠬᠠᠤᠯᠢ ᠪᠠᠷ ᠵᠠᠰᠠᠬᠤ ᠪᠣᠯᠤᠮᠵᠢ ᠲᠠᠢ ᠶᠤᠮ ᠪᠣᠯ ᠦᠨᠳᠦᠰᠦᠨ ᠬᠠᠤᠯᠢ ᠳᠤ ᠭᠠᠷ ᠬᠦᠷᠬᠦ ᠱᠠᠭᠠᠷᠳᠠᠯᠭ᠎ᠠ ᠦᠭᠡᠢ ᠪᠠᠶᠢᠭᠰᠠᠨ᠃ ᠦᠨᠳᠦᠰᠦᠨ ᠬᠠᠤᠯᠢ ᠳᠤ ᠭᠠᠷ ᠬᠦᠷᠴᠦ ᠪᠠᠶᠢᠭ᠎ᠠ ᠪᠣᠯ ᠰᠢᠭᠦᠬᠦ ᠶᠢᠨ ᠪᠠᠶᠢᠭᠤᠯᠤᠯᠭ᠎ᠠ ᠶᠢ ᠰᠠᠶᠢᠵᠢᠷᠠᠭᠤᠯᠬᠤ᠂ ᠢᠯᠡᠭᠦᠦ ᠬᠢᠨᠠᠯᠲᠠ ᠲᠠᠢ᠂ ᠬᠠᠷᠢᠭᠤᠴᠠᠯᠭ᠎ᠠ ᠲᠠᠢ ᠪᠣᠯᠭᠠᠬᠤ ᠵᠢᠭᠠᠯᠲᠠ ᠶᠢ ᠤᠷᠤᠭᠤᠯᠬᠤ ᠶᠣᠰᠣᠲᠠᠢ᠃

ᠰᠡᠳᠬᠢᠭᠳᠡᠯ ᠦᠯᠡᠳᠡᠭᠡᠬᠦ