ᠰᠣᠯᠣᠩᠭᠣᠰ ᠤᠨ ᠦᠨᠡᠲᠦ ᠴᠠᠭᠠᠰᠤᠨ ᠤ ᠺᠤᠷᠫᠤᠷᠠᠼ ᠲᠠᠢ ᠬᠠᠮᠲᠤᠷᠠᠨ ᠠᠵᠢᠯᠯᠠᠨ᠎ᠠ  | News.MN

ᠰᠣᠯᠣᠩᠭᠣᠰ ᠤᠨ ᠦᠨᠡᠲᠦ ᠴᠠᠭᠠᠰᠤᠨ ᠤ ᠺᠤᠷᠫᠤᠷᠠᠼ ᠲᠠᠢ ᠬᠠᠮᠲᠤᠷᠠᠨ ᠠᠵᠢᠯᠯᠠᠨ᠎ᠠ 

ᠰᠣᠯᠣᠩᠭᠣᠰ ᠤᠨ ᠦᠨᠡᠲᠦ ᠴᠠᠭᠠᠰᠤᠨ ᠤ ᠰᠠᠩᠬᠦᠦᠵᠢᠯᠲᠠ ᠶᠢᠨ ᠺᠤᠷᠫᠤᠷᠠᠼ  ᠦᠨ ᠲᠥᠯᠥᠭᠡᠯᠡᠭᠴᠢᠳ ᠰᠠᠩᠬᠦᠦ ᠶᠢᠨ ᠵᠣᠬᠢᠴᠠᠭᠤᠯᠬᠤ ᠬᠣᠷᠢᠶᠠᠨ ᠳᠤ ᠵᠣᠴᠢᠯᠠᠵᠤ ᠠᠵᠢᠯ ᠬᠡᠷᠡᠭ ᠦᠨ ᠶᠠᠷᠢᠶ᠎ᠠ ᠥᠷᠨᠢᠭᠦᠯᠪᠡ᠃
ᠲᠤᠰ ᠺᠤᠷᠫᠤᠷᠠᠼ ᠨᠢ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠤᠨ ᠦᠨᠡᠲᠦ ᠴᠠᠭᠠᠰᠤᠨ ᠤ ᠵᠠᠬ᠎ᠠ ᠵᠡᠭᠡᠯᠢ ᠶᠢ  ᠰᠠᠩᠬᠦᠦᠵᠢᠭᠦᠯᠬᠦ᠂ ᠵᠠᠬ᠎ᠠ ᠵᠡᠭᠡᠯᠢ ᠳᠦ ᠦᠢᠯᠡᠴᠢᠯᠡᠭᠡ ᠦᠵᠡᠭᠦᠯᠬᠦ ᠦᠢᠯᠡ ᠠᠵᠢᠯᠯᠠᠭ᠎ᠠ ᠡᠷᠬᠢᠯᠡᠵᠦ ᠬᠥᠷᠥᠩᠭᠡ ᠶᠢᠨ ᠵᠠᠬ᠎ᠠ ᠵᠡᠭᠡᠯᠢ ᠶᠢ ᠬᠥᠭᠵᠢᠭᠦᠯᠵᠦ᠂ ᠡᠳ᠋ ᠍ ᠦᠨ ᠵᠠᠰᠠᠭ ᠢ ᠳᠡᠮᠵᠢᠬᠦ ᠵᠣᠷᠢᠯᠭ᠎ᠠ ᠲᠠᠢ ᠪᠠᠷ 1955 ᠣᠨ ᠳᠤ ᠪᠠᠶᠢᠭᠤᠯᠤᠭᠳᠠᠭᠰᠠᠨ᠃

ᠰᠠᠩᠬᠦᠦ ᠶᠢᠨ ᠵᠤᠬᠢᠴᠠᠭᠤᠯᠬᠤ ᠬᠤᠷᠢᠶ᠎ᠠ ᠪᠣᠯᠤᠨ ᠰᠣᠯᠣᠩᠭᠣᠰ ᠤᠨ ᠦᠨᠡᠲᠦ ᠴᠠᠭᠠᠰᠤᠨ ᠤ ᠰᠠᠩᠬᠦᠦᠵᠢᠯᠲᠠ ᠶᠢᠨ ᠺᠤᠷᠫᠤᠷᠠᠼ ᠨᠢ 2015 ᠣᠨ ᠳᠤ ᠬᠠᠮᠲᠤᠷᠠᠨ ᠠᠵᠢᠯᠯᠠᠬᠤ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠪᠠᠶᠢᠭᠤᠯᠤᠭᠰᠠᠨ ᠪᠥᠭᠡᠳ ᠥᠨᠥᠳᠥᠷ ᠲᠤᠰ ᠰᠠᠨᠠᠮᠵᠢ ᠪᠢᠴᠢᠭ ᠦᠨ ᠳᠠᠭᠠᠤ ᠠᠵᠢᠯ ᠢᠶᠠᠨ ᠡᠷᠴᠢᠮᠵᠢᠭᠦᠯᠵᠦ᠂ ᠬᠦᠮᠦᠨ ᠦ ᠨᠥᠭᠡᠴᠡ ᠶᠢ ᠴᠢᠳᠠᠪᠬᠢᠵᠢᠭᠤᠯᠬᠤ᠂ ᠦᠨᠡᠲᠦ ᠴᠠᠭᠠᠰᠤᠨ ᠤ ᠵᠠᠬ᠎ᠠ ᠵᠡᠭᠡᠯᠢ ᠳᠦ  ᠰᠠᠩᠬᠦᠦᠵᠢᠯᠲᠠ᠂ ᠬᠥᠷᠥᠩᠭᠡ ᠣᠷᠣᠭᠤᠯᠤᠯᠲᠠ ᠶᠢ ᠰᠠᠶᠢᠵᠢᠷᠠᠭᠤᠯᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠪᠣᠯᠤᠮᠵᠢ ᠶᠢᠨ ᠲᠠᠯ᠎ᠠ ᠪᠠᠷ ᠶᠠᠷᠢᠯᠴᠠᠯ᠎ᠠ᠃

ᠰᠡᠳᠬᠢᠭᠳᠡᠯ ᠦᠯᠡᠳᠡᠭᠡᠬᠦ