ᠪ∙ᠪᠠᠲᠤᠡᠷᠳᠡᠨᠢ᠄ ᠤᠶᠤᠨᠪᠤᠯᠤᠳ ᠦᠪᠡᠷ ᠲᠦ ᠪᠡᠨ ᠢᠲᠡᠭᠡᠯ ᠲᠡᠢ ᠪᠠᠶᠢᠨ᠎ᠠ | News.MN

ᠪ∙ᠪᠠᠲᠤᠡᠷᠳᠡᠨᠢ᠄ ᠤᠶᠤᠨᠪᠤᠯᠤᠳ ᠦᠪᠡᠷ ᠲᠦ ᠪᠡᠨ ᠢᠲᠡᠭᠡᠯ ᠲᠡᠢ ᠪᠠᠶᠢᠨ᠎ᠠ

– ᠪᠥᠬᠡ ᠶᠢᠨ ᠰᠠᠯᠪᠤᠷᠢ ᠬᠣᠷᠢᠶᠠᠨ ᠠᠴᠠ ᠡ᠊∙ᠤᠶᠤᠨᠪᠤᠯᠤᠳ ᠠᠪᠤᠷᠭᠤ ᠠᠴᠠ ᠳᠥᠷᠪᠡᠨ ᠲᠥᠷᠥᠯ ᠦᠨ ᠰᠡᠷᠭᠦᠭᠡᠰᠢ ᠢᠯᠡᠷᠡᠭᠰᠡᠨ  ᠲᠤᠬᠠᠢ ᠮᠡᠳᠡᠭᠡᠯᠡᠭᠰᠡᠨ᠃ ᠲᠠ ᠪᠠᠭᠰᠢ ᠶᠢᠨ ᠬᠤᠪᠢ ᠳᠤ ᠶᠠᠮᠠᠷ ᠪᠣᠳᠣᠯ ᠲᠠᠢ ᠪᠠᠶᠢᠨ᠎ᠠ ᠪᠤᠢ ︖
ᠪ∙ᠪᠠᠲᠤᠡᠷᠳᠡᠨᠢ᠄ ᠨᠠᠳᠠ ᠲᠠᠢ ᠤᠲᠠᠰᠤ ᠪᠠᠷ ᠶᠠᠷᠢᠭᠰᠠᠨ᠃ ᠡᠨᠡ ᠠᠰᠠᠭᠤᠳᠠᠯ ᠳᠤ ᠥᠪᠡᠷᠲᠡᠭᠡᠨ ᠶᠡᠬᠡ ᠢᠲᠡᠭᠡᠯ ᠲᠡᠢ ᠪᠠᠶᠢᠨ᠎ᠠ᠃ ᠪᠢ ᠲᠡᠶᠢᠮᠦ ᠪᠣᠳᠠᠰ ᠬᠡᠷᠡᠭᠯᠡᠭᠡ ᠦᠭᠡᠢ᠃ ᠲᠠ ᠨᠠᠳᠠ ᠳᠤ ᠢᠲᠡᠭᠡᠭᠡᠷᠡᠢ᠃ ᠡᠨᠡ ᠲᠠᠯ᠎ᠠ ᠪᠠᠷ ᠬᠠᠤᠯᠢ ᠬᠢᠨᠠᠯᠲᠠ ᠶᠢᠨ ᠪᠠᠶᠢᠭᠤᠯᠤᠯᠭ᠎ᠠ ᠳᠤ ᠭᠣᠮᠣᠳᠠᠯ ᠭᠠᠷᠭᠠᠭᠰᠠᠨ᠃ ᠨᠠᠭᠠᠳᠤᠮ ᠤᠨ ᠡᠮᠦᠨ᠎ᠡ ᠨᠠᠮᠠᠶᠢ ᠶᠠᠮᠠᠷ ᠴᠤ ᠠᠷᠭ᠎ᠠ ᠪᠠᠷ ᠬᠠᠮᠢᠶ᠎ᠠ ᠦᠭᠡᠢ ᠰᠡᠷᠭᠦᠭᠡᠰᠢ ᠶᠢᠨ ᠠᠰᠠᠭᠤᠳᠠᠯ ᠳᠤ ᠬᠤᠳᠬᠤᠨ᠎ᠠ ᠭᠡᠵᠦ ᠪᠠᠶᠢᠭᠰᠠᠨ ᠭᠡᠰᠡᠨ᠃ ᠨᠠᠭᠠᠳᠤᠮ ᠳᠤ ᠲᠦᠷᠦᠭᠦᠯᠡᠭᠰᠡᠨ ᠦ ᠳᠠᠷᠠᠭ᠎ᠠ ᠴᠤ ᠬᠡᠨᠲᠡᠢ ᠶᠢᠨ ᠬᠢᠨ 1 ᠲᠡᠷᠪᠤᠮ 700 ᠰᠠᠶ᠎ᠠ ᠲᠥᠭᠥᠷᠢᠭ ᠢᠶᠡᠷ ᠲᠥᠷᠥ ᠶᠢᠨ ᠪᠠᠶᠠᠷ ᠨᠠᠭᠠᠳᠤᠮ ᠢ ᠬᠤᠳᠠᠯᠳᠤᠭᠠᠳ ᠠᠪᠴᠢᠬᠠᠯ᠎ᠠ ᠭᠡᠵᠦ ᠭᠦᠳᠬᠡᠭᠰᠡᠨ᠃ ᠡᠭᠦᠨ ᠢ ᠨᠢ ᠪᠢ ᠰᠤᠳᠤᠯᠵᠤ ᠦᠵᠡᠬᠦ ᠳᠦ ᠲᠡᠶᠢᠮᠦ ᠮᠡᠳᠡᠭᠡᠯᠡᠯ ᠭᠠᠷᠤᠭᠰᠠᠨ ᠪᠠᠶᠢᠨ᠎ᠠ ᠯᠠᠢ ᠃ ᠬᠡᠷᠪᠡ ᠡᠶᠢᠮᠦᠷᠬᠦᠦ ᠵᠦᠢᠯ ᠪᠠᠶᠢᠭᠠᠳ ᠵᠣᠬᠢᠶᠠᠨ ᠪᠠᠶᠢᠭᠤᠯᠤᠯᠲᠠ ᠲᠠᠢ ᠪᠠᠷ ᠬᠡᠯᠮᠡᠭᠳᠡᠭᠦᠯᠵᠦ ᠪᠠᠶᠢᠭ᠎ᠠ ᠪᠣᠯ ᠰᠢᠯᠭᠠᠬᠤ ᠳᠤ ᠪᠣᠯᠬᠤ ᠦᠭᠡᠢ ᠶᠤᠮ ᠪᠠᠶᠢᠬᠤ ᠦᠭᠡᠢ᠃ ᠲᠡᠶᠢᠮᠦ ᠡᠴᠡ ᠡᠨᠡ ᠠᠰᠠᠭᠤᠳᠠᠯ ᠢ ᠰᠢᠯᠭᠠᠳᠠᠭ ᠪᠠᠶᠢᠭᠤᠯᠤᠯᠭ᠎ᠠ ᠨᠢ ᠰᠢᠯᠭᠠᠭᠠᠰᠠᠢ ᠭᠡᠵᠦ ᠬᠦᠰᠡᠵᠦ ᠪᠠᠶᠢᠨ᠎ᠠ᠃
– ᠵᠠᠰᠠᠭ ᠤᠨ ᠭᠠᠵᠠᠷ ᠠᠴᠠ ᠰᠡᠷᠭᠦᠭᠡᠰᠢ ᠬᠡᠷᠡᠭᠯᠡᠭᠰᠡᠨ ᠢ ᠨᠢ ᠵᠠᠷᠯᠠᠴᠢᠬᠠᠯ᠎ᠠ᠃ ᠲᠠ ᠢᠲᠡᠭᠡᠯ ᠠᠯᠳᠠᠷᠠᠵᠤ ᠪᠠᠶᠢᠨ᠎ᠠ ᠤᠤ︖
ᠪ∙ᠪᠠᠲᠤᠡᠷᠳᠡᠨᠢ᠄ ᠥᠪᠡᠷ ᠢᠶᠡᠨ ᠥᠪᠡᠷᠲᠡᠭᠡᠨ ᠢᠲᠡᠭᠡᠯ ᠲᠡᠢ ᠪᠠᠶᠢᠨ᠎ᠠ ᠯᠠᠢ ᠃ ᠪᠢ ᠴᠤ  ᠱᠠᠪᠢ  ᠳᠤ  ᠪᠠᠨ ᠢᠲᠡᠭᠡᠵᠦ ᠪᠠᠶᠢᠨ᠎ᠠ᠃ ᠬᠦᠴᠦ ᠨᠡᠮᠡᠬᠦ ᠵᠦᠢᠯ ᠬᠡᠷᠡᠭᠯᠡᠭᠡᠳ ᠪᠠᠶᠢᠬᠤ ᠪᠠᠷ ᠦᠭᠡᠢ ᠪᠠᠶᠢᠭᠠᠯᠢ ᠠᠴᠠ ᠪᠠᠨ ᠵᠠᠶᠠᠭᠠᠭᠰᠠᠨ ᠬᠦᠴᠦᠲᠡᠢ ᠬᠦᠮᠦᠨ ᠭᠡᠵᠦ ᠪᠣᠳᠣᠳᠠᠭ᠃ ᠡᠨᠡ ᠲᠠᠯ᠎ᠠ ᠳᠡᠭᠡᠷ᠎ᠡ ᠪᠢ ᠰᠠᠨᠠᠭ᠎ᠠ ᠵᠣᠪᠠᠵᠤ ᠪᠠᠶᠢᠭ᠎ᠠ ᠦᠭᠡᠢ᠃

ᠰᠡᠳᠬᠢᠭᠳᠡᠯ ᠦᠯᠡᠳᠡᠭᠡᠬᠦ