9.6 ᠲᠣᠨ ᠠᠯᠲᠠ ᠬᠤᠳᠠᠯᠳᠤᠨ ᠠᠪᠤᠯ᠎ᠠ  | News.MN

9.6 ᠲᠣᠨ ᠠᠯᠲᠠ ᠬᠤᠳᠠᠯᠳᠤᠨ ᠠᠪᠤᠯ᠎ᠠ 

ᠮᠣᠩᠭᠣᠯ ᠪᠠᠩᠬᠢ 2019 ᠣᠨ ᠤ ᠡᠬᠢᠨ ᠦ 8 ᠰᠠᠷ᠎ᠠ ᠳᠤ 9.6 ᠲᠣᠨ ᠦᠨᠡᠲᠦ ᠮᠧᠲ᠋ᠠᠯ ᠬᠤᠳᠠᠯᠳᠤᠨ ᠠᠪᠤᠭᠰᠠᠨ ᠨᠢ ᠡᠮᠦᠨᠡᠬᠢ ᠣᠨ ᠤ ᠮᠥᠨ ᠦᠶ᠎ᠡ ᠳᠦ 12.2 ᠲᠣᠨ ᠦᠨᠡᠲᠦ ᠮᠧᠲ᠋ᠠᠯ ᠬᠤᠳᠠᠯᠳᠤᠨ ᠠᠪᠤᠭᠰᠠᠨ ᠠᠴᠠ 2.5 ᠲᠤᠨ ᠢᠶᠠᠷ ᠪᠠᠭ᠎ᠠ ᠪᠤᠶᠤ 21% ᠍ ᠪᠠᠷ ᠪᠠᠭᠤᠷᠠᠭᠰᠠᠨ ᠦᠵᠡᠭᠦᠯᠦᠯᠲᠡ ᠲᠡᠢ ᠪᠠᠶᠢᠨ᠎ᠠ᠃
ᠮᠣᠩᠭᠣᠯ ᠪᠠᠩᠬᠢ 2019 ᠣᠨ ᠤ 8 ᠳ᠋ᠤᠭᠠᠷ ᠰᠠᠷ᠎ᠠ ᠳᠤ 2.1 ᠲᠣᠨ ᠦᠨᠡᠲᠦ ᠮᠧᠲ᠋ᠠᠯ ᠬᠤᠳᠠᠯᠳᠤᠭᠰᠠᠨ ᠠᠪᠤᠭᠰᠠᠨ ᠪᠠ ᠡᠭᠦᠨ ᠡᠴᠡ ᠳᠠᠷᠬᠠᠨ-ᠠᠭᠤᠯᠠ ᠠᠶᠢᠮᠠᠭ ᠳᠠᠬᠢ ᠰᠠᠯᠪᠤᠷᠢ 181.3 ᠺᠢᠯᠦᠭᠷᠡᠮ ᠦᠨᠡᠲᠦ ᠮᠧᠲ᠋ᠠᠯ᠂ ᠪᠠᠶᠠᠨᠬᠣᠩᠭᠣᠷ ᠠᠶᠢᠮᠠᠭ ᠳᠠᠬᠢ ᠰᠠᠯᠪᠤᠷᠢ 53.7 ᠺᠢᠯᠦᠭᠷᠡᠮ ᠦᠨᠡᠲᠦ ᠮᠧᠲ᠋ᠠᠯ ᠢ ᠬᠤᠳᠠᠯᠳᠤᠵᠤ ᠠᠪᠤᠭᠰᠠᠨ ᠨᠢ ᠡᠮᠦᠨᠡᠬᠢ ᠣᠨ ᠤ ᠮᠥᠨ ᠦᠶ᠎ᠡ ᠳᠦ 2.8 ᠲᠣᠨ ᠦᠨᠡᠲᠦ ᠮᠧᠲ᠋ᠠᠯ ᠬᠤᠳᠠᠯᠳᠤᠨ ᠠᠪᠴᠤ ᠪᠠᠶᠢᠭᠰᠠᠨ ᠠᠴᠠ 745.7 ᠺᠢᠯᠦᠭᠷᠡᠮ ᠢᠶᠡᠷ ᠪᠠᠭᠤᠷᠠᠭᠰᠠᠨ ᠦᠵᠡᠭᠦᠯᠦᠯᠲᠡ ᠲᠡᠢ ᠪᠠᠶᠢᠨ᠎ᠠ᠃ 2019 ᠣᠨ ᠤ 8 ᠳ᠋ᠤᠭᠠᠷ ᠰᠠᠷ᠎ᠠ ᠳᠤ 1 ᠭᠷᠠᠮ ᠠᠯᠲᠠ ᠬᠤᠳᠠᠯᠳᠤᠨ ᠠᠪᠬᠤ ᠮᠣᠩᠭᠣᠯ ᠪᠠᠩᠭᠢᠨ ᠤ ᠳᠤᠮᠳᠠᠴᠢ ᠦᠨ᠎ᠡ 128129.80 ᠲᠥᠭᠥᠷᠢᠭ ᠪᠠᠶᠢᠯ᠎ᠠ᠃

ᠰᠡᠳᠬᠢᠭᠳᠡᠯ ᠦᠯᠡᠳᠡᠭᠡᠬᠦ