ᠠᠷᠠᠳ ᠤᠨ ᠬᠤᠪᠢᠰᠬᠠᠯ ᠤᠨ 98 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠤᠨ ᠲᠦᠷᠦᠭᠦᠦ ᠪᠦᠬᠡ ᠡ᠊∙ᠣᠶᠤᠨᠪᠣᠯᠣᠳ ᠠᠴᠠ ᠰᠡᠷᠭᠦᠭᠡᠰᠢ ᠶᠢᠨ ᠲᠥᠷᠥᠯ ᠦᠨ ᠳᠥᠷᠪᠡᠨ ᠪᠣᠳᠠᠰ ᠢᠯᠡᠷᠡᠭᠰᠡᠨ ᠲᠠᠯ᠎ᠠ ᠪᠠᠷ ᠦᠨᠳᠦᠰᠦᠨ ᠦ ᠪᠥᠬᠡ ᠶᠢᠨ ᠰᠠᠯᠪᠤᠷᠢ ᠬᠣᠷᠢᠶ᠎ᠠ ᠣᠯᠠᠨ ᠨᠡᠶᠢᠲᠡ ᠳᠦ ᠵᠠᠷᠯᠠᠭᠰᠠᠨ᠃ ᠲᠡᠷᠡᠪᠡᠷ ᠡᠨᠡ ᠲᠠᠯ᠎ᠠ ᠪᠠᠷ ᠡᠮᠦᠨ᠎ᠡ ᠨᠢ᠄ ᠪᠢ ᠰᠡᠷᠭᠦᠭᠡᠰᠢ ᠬᠡᠷᠡᠭᠯᠡᠭᠡ ᠦᠭᠡᠢ᠂ ᠮᠢᠨᠦ ᠰᠢᠭᠡᠰᠦ ᠰᠣᠯᠢᠭᠳᠠᠭᠰᠠᠨ᠂ ᠤᠳᠠᠭ᠎ᠠ ᠳᠠᠷᠠᠭ᠎ᠠ ᠨᠠᠳᠠ ᠳᠤ ᠳᠠᠷᠤᠮᠲᠠ ᠢᠷᠡᠵᠦ ᠪᠠᠶᠢᠭᠰᠠᠨ ᠬᠡᠮᠡᠨ ᠮᠡᠳᠡᠭᠳᠡᠵᠦ ᠪᠠᠶᠢᠭᠰᠠᠨ ᠪᠣᠯ ᠥᠨᠥᠳᠥᠷ ᠥᠪᠡᠷ ᠢ ᠨᠢ ᠰᠡᠷᠭᠦᠭᠡᠰᠢ ᠬᠡᠷᠡᠭᠯᠡᠭᠰᠡᠨ ᠭᠡᠰᠡᠨ ᠠᠰᠠᠭᠤᠳᠠᠯ ᠢᠶᠠᠷ ᠨᠡᠶᠢᠰᠯᠡᠯ ᠦᠨ ᠵᠠᠬᠢᠷᠭᠠᠨ ᠤ ᠬᠡᠷᠡᠭ ᠦᠨ ᠠᠩᠬᠠᠨ ᠱᠠᠲᠤᠨ ᠤ ᠰᠢᠭᠦᠬᠦ ᠳᠦ ᠨᠡᠬᠡᠮᠵᠢᠯᠡᠯ ᠭᠠᠷᠭᠠᠵᠠᠢ᠃
ᠤᠭ ᠨᠡᠬᠡᠮᠵᠢᠯᠡᠯ ᠢ ︽ᠵᠠᠬᠢᠷᠭᠠᠨ ᠤ ᠬᠡᠷᠡᠭ ᠬᠢᠨᠠᠨ ᠰᠢᠢᠳᠪᠦᠷᠢᠯᠡᠬᠦ ᠲᠤᠬᠠᠢ︾ ᠬᠠᠤᠯᠢ ᠶᠢᠨ 55.1 ᠳᠦ ᠵᠢᠭᠠᠭᠰᠠᠨ ᠢᠶᠠᠷ ᠵᠠᠬᠢᠷᠭᠠᠨ ᠤ ᠬᠡᠷᠡᠭ ᠡᠭᠦᠰᠭᠡᠬᠦ ᠡᠰᠡᠬᠦ ᠶᠢ ᠳᠣᠯᠣᠭ᠎ᠠ ᠬᠣᠨᠣᠭ ᠤᠨ ᠬᠤᠭᠤᠴᠠᠭᠠᠨ ᠳᠤ ᠰᠢᠢᠳᠪᠦᠷᠢᠯᠡᠬᠦ ᠶᠤᠮ᠃ ᠠᠪᠤᠷᠭᠤ ᠡ᠊∙ᠤᠶᠤᠨᠪᠤᠯᠤᠳ ᠡᠨᠡᠬᠦ ᠨᠡᠬᠡᠮᠵᠢᠯᠡᠯ ᠳᠦ ᠪᠡᠨ ᠰᠡᠷᠭᠦᠭᠡᠰᠢ ᠬᠡᠷᠡᠭᠯᠡᠭᠰᠡᠨ ᠭᠡᠬᠦ ᠮᠡᠳᠡᠭᠡᠯᠡᠯ ᠢ ᠣᠯᠠᠨ ᠨᠡᠶᠢᠲᠡ ᠳᠦ ᠲᠠᠷᠬᠠᠭᠠᠭᠰᠠᠨ ᠂ ᠤᠯᠤᠰ ᠤᠨ ᠠᠪᠤᠷᠭᠤ ᠴᠣᠯᠠ ᠶᠢ ᠬᠤᠷᠢᠶᠠᠯᠭᠠᠬᠤ ᠰᠢᠢᠳᠪᠦᠷᠢ ᠶᠢ ᠶᠡᠷᠦᠩᠬᠡᠶᠢᠯᠡᠭᠴᠢ ᠳᠦ ᠬᠦᠷᠭᠡᠭᠦᠯᠦᠭᠰᠡᠨ ᠭᠡᠬᠦ ᠮᠠᠷᠭᠤᠭᠠᠨ ᠪᠦᠬᠦᠢ ᠵᠠᠬᠢᠷᠭᠠᠨ ᠤ ᠠᠺᠲ ᠤᠨ ᠪᠡᠶᠡᠯᠡᠯᠲᠡ ᠶᠢ ᠤᠭ ᠮᠠᠷᠭᠤᠭᠠᠨ ᠡᠴᠦᠰᠯᠡᠨ ᠰᠢᠢᠳᠪᠦᠷᠢᠯᠡᠬᠦ ᠬᠦᠷᠲᠡᠯ᠎ᠡ ᠬᠤᠭᠤᠴᠠᠭᠠᠨ ᠳᠤ ᠲᠦᠳᠡᠭᠡᠯᠵᠡᠭᠦᠯᠬᠦ ᠲᠤᠬᠠᠢ ᠳᠤᠷᠠᠳᠤᠭᠰᠠᠨ ᠶᠤᠮ ᠪᠠᠶᠢᠨ᠎ᠠ᠃