ᠳᠣᠷᠣᠨᠠᠭᠣᠪᠢ ᠠᠶᠢᠮᠠᠭ ᠤᠨ ᠵᠠᠮ ᠤᠨ ᠡᠭᠦᠳᠡ ᠪᠣᠭᠣᠮᠲᠠ ᠶᠢᠨ ᠰᠢᠨᠡᠴᠢᠯᠡᠯ ᠦᠨ ᠠᠵᠢᠯ ᠡᠬᠢᠯᠡᠵᠦ ᠪᠠᠶᠢᠭ᠎ᠠ ᠲᠠᠢ ᠬᠣᠯᠪᠣᠭᠳᠠᠭᠤᠯᠤᠨ ᠡᠨᠡ ᠰᠠᠷ᠎ᠠ ᠶᠢᠨ 01᠍ ᠦ ᠡᠳᠦᠷ ᠡᠴᠡ ᠪᠣᠭᠣᠮᠲᠠ ᠶᠢᠨ ᠦᠢᠯᠡ ᠠᠵᠢᠯᠯᠠᠭ᠎ᠠ ᠶᠢ ᠨᠢᠭᠡ ᠵᠢᠯ ᠦᠨ ᠬᠤᠭᠤᠴᠠᠭ᠎ᠠ ᠪᠠᠷ ᠲᠦᠷ ᠭᠣᠷᠢᠮ ᠳᠤ ᠰᠢᠯᠵᠢᠭᠦᠯᠦᠨ ᠠᠵᠢᠯᠯᠠᠵᠤ ᠪᠠᠶᠢᠨ᠎ᠠ᠃ ᠲᠦᠷ ᠭᠣᠷᠢᠮ ᠳᠤ ᠬᠢᠯᠢ᠂ ᠭᠠᠶᠢᠯᠢ᠂ ᠮᠡᠷᠭᠡᠵᠢᠯ ᠦᠨ ᠬᠢᠨᠠᠯᠲᠠ ᠶᠢᠨ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ ᠬᠡᠪ ᠦᠨ ᠶᠠᠪᠤᠭᠳᠠᠬᠤ ᠪᠥᠭᠡᠳ ᠠᠦ᠋ᠲ᠋ᠤ᠋ ᠮᠠᠰᠢᠨ ᠢᠶᠠᠷ ᠵᠣᠷᠴᠢᠭᠴᠢᠳ ᠬᠠᠭᠤᠴᠢᠨ ᠪᠣᠭᠣᠮᠲᠠ ᠶᠢᠨ ᠪᠠᠷᠠᠭᠤᠨ ᠬᠤᠶᠢᠳᠤ ᠲᠠᠯ᠎ᠠ ᠳᠤ ᠪᠠᠶᠢᠷᠢᠯᠠᠬᠤ ᠵᠠᠮ ᠤᠨ ᠡᠭᠦᠳᠡ ᠴᠢᠯᠦᠭᠡᠲᠦ ᠪᠥᠰᠡ ᠶᠢᠨ ᠵᠠᠮ ᠲᠠᠯᠠᠪᠠᠢ ᠪᠠᠷ ᠨᠡᠪᠲᠡᠷᠡᠨ᠎ᠡ᠃ ᠠᠴᠢᠶ᠎ᠠ ᠲᠡᠭᠡᠭᠡᠪᠦᠷᠢ ᠶᠢᠨ ᠬᠡᠷᠡᠭᠰᠡᠯ ᠦᠳ ᠦᠨ ᠬᠤᠪᠢ ᠳᠤ ᠬᠠᠭᠤᠴᠢᠨ ᠮᠠᠷᠱᠷᠦ᠋ᠲ ᠲᠤ ᠥᠭᠡᠷᠡᠴᠢᠯᠡᠯᠲᠡ ᠣᠷᠣᠬᠤ ᠦᠭᠡᠢ ᠶᠤᠮ᠃
ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠬᠡᠷᠡᠭᠵᠢᠭᠦᠯᠵᠦ ᠪᠤᠢ ︽ᠭᠠᠶᠢᠯᠢ ᠶᠢᠨ ᠰᠢᠨᠡᠴᠢᠯᠡᠯ︾ ᠍ ᠦᠨ ᠬᠦᠷᠢᠶᠡᠨ ᠳᠦ ᠵᠠᠮ ᠤᠨ ᠡᠭᠦᠳᠡ ᠪᠣᠭᠣᠮᠲᠠ ᠶᠢ ᠣᠯᠠᠨ ᠤᠯᠤᠰ ᠤᠨ ᠵᠢᠱᠢᠭ ᠲᠦ ᠨᠡᠶᠢᠴᠡᠭᠦᠯᠦᠨ ᠰᠢᠨ᠎ᠡ ᠪᠡᠷ ᠪᠠᠷᠢᠬᠤ᠂ ᠬᠦᠴᠦᠨ ᠴᠢᠳᠠᠯ ᠢ ᠨᠡᠮᠡᠭᠳᠡᠭᠦᠯᠬᠦ ᠪᠡᠷ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠭᠰᠡᠨ ᠪᠥᠭᠡᠳ ᠵᠣᠷᠴᠢᠭᠴᠢ ᠲᠡᠭᠡᠭᠡᠪᠦᠷᠢ ᠶᠢᠨ 30᠂ ᠠᠴᠢᠶ᠎ᠠ ᠲᠡᠭᠡᠭᠡᠪᠦᠷᠢ ᠶᠢᠨ 28 ᠪᠠᠷᠢᠯᠭ᠎ᠠ᠂ ᠳᠡᠳ᠋ ᠪᠦᠲᠦᠴᠡ᠂ ᠨᠣᠭᠣᠭᠠᠨ ᠪᠠᠶᠢᠭᠤᠯᠤᠮᠵᠢ ᠪᠠᠷᠢᠭᠳᠠᠨ᠎ᠠ᠃ ᠲᠡᠭᠦᠨᠴᠢᠯᠡᠨ ᠰᠢᠭᠤᠷᠬᠠᠢ ᠤᠳᠤᠷᠢᠳᠤᠯᠭ᠎ᠠ ᠶᠢᠨ ᠲᠥᠪ ᠲᠡᠢ ᠬᠣᠯᠪᠣᠭᠳᠠᠭᠰᠠᠨ ᠣᠷᠴᠢᠨ ᠦᠶ᠎ᠡ ᠶᠢᠨ ᠲᠧᠯᠧ ᠬᠢᠨᠠᠯᠲᠠ ᠶᠢᠨ ᠰᠢᠰᠲ᠋ᠧᠮ ᠪᠦᠬᠦᠢ ᠲᠡᠭᠡᠭᠡᠪᠦᠷᠢ ᠶᠢᠨ ᠬᠡᠷᠡᠭᠰᠡᠯ ᠢ ᠠᠦ᠋ᠲ᠋ᠣᠮᠠᠲ ᠢᠶᠠᠷ ᠪᠦᠷᠢᠳᠬᠡᠬᠦ ᠤᠬᠠᠭᠠᠯᠢᠭ ᠭᠠᠷᠴᠠ ᠨᠤᠭᠤᠳ ᠪᠣᠯᠤᠨ ᠥᠨᠳᠥᠷ ᠬᠦᠴᠦᠨ ᠴᠢᠳᠠᠯ ᠤᠨ ᠷᠧᠨ᠋ᠲ᠋ᠭᠧᠨ᠂ ᠲᠣᠨᠣᠭ ᠲᠥᠬᠥᠭᠡᠷᠦᠮᠵᠢ ᠨᠦᠭᠦᠳ ᠰᠠᠭᠤᠷᠢᠯᠠᠭᠳᠠᠨᠠ᠃ ᠪᠣᠭᠣᠮᠲᠠ ᠶᠢᠨ ᠪᠠᠷᠢᠯᠭ᠎ᠠ ᠤᠭᠰᠠᠷᠠᠯᠲᠠ ᠶᠢᠨ ᠠᠵᠢᠯ 2020 ᠣᠨ ᠤ 10 ᠳ᠋ᠤᠭᠠᠷ ᠰᠠᠷ᠎ᠠ ᠳᠤ ᠳᠠᠭᠤᠰᠬᠤ ᠪᠠᠷ ᠲᠥᠯᠥᠪᠯᠡᠵᠡᠢ᠃
ᠵᠠᠮ ᠤᠨ ᠡᠭᠦᠳᠡ ᠪᠣᠭᠣᠮᠲᠠ ᠶᠢ ᠰᠢᠨᠡᠴᠢᠯᠡᠵᠦ᠂ ᠥᠷᠭᠡᠳᠬᠡᠭᠰᠡᠨ ᠢᠶᠡᠷ ᠨᠡᠶᠢᠲᠡ ᠲᠠᠯᠠᠪᠠᠢ 8 ᠳᠠᠬᠢᠨ᠂ ᠡᠳᠦᠷ ᠲᠦ ᠨᠡᠪᠲᠡᠷᠡᠬᠦ ᠵᠣᠷᠴᠢᠭᠴᠢ ᠶᠢᠨ ᠲᠣᠭ᠎ᠠ 4 ᠳᠠᠬᠢᠨ᠂ ᠲᠣᠮᠣ ᠣᠪᠣᠷ ᠤᠨ ᠠᠴᠢᠶ᠎ᠠ ᠲᠡᠭᠡᠭᠡᠪᠦᠷᠢ ᠶᠢᠨ ᠬᠡᠷᠡᠭᠰᠡᠯ ᠦᠨ ᠲᠣᠭ᠎ᠠ 3 ᠳᠠᠬᠢᠨ᠂ ᠰᠠᠭᠤᠳᠠᠯ ᠤᠨ ᠲᠡᠭᠡᠭᠡᠪᠦᠷᠢ ᠶᠢᠨ ᠬᠡᠷᠡᠭᠰᠡᠯ ᠦᠨ ᠲᠣᠭ᠎ᠠ 7 ᠳᠠᠬᠢᠨ ᠨᠡᠮᠡᠭᠳᠡᠵᠦ ᠵᠣᠷᠴᠢᠭᠴᠢ᠂ ᠲᠡᠭᠡᠭᠡᠪᠦᠷᠢ ᠶᠢᠨ ᠬᠡᠷᠡᠭᠰᠡᠯ ᠬᠢᠯᠢ ᠶᠢᠨ ᠪᠣᠭᠣᠮᠲᠠ ᠪᠠᠷ ᠲᠦᠷᠭᠡᠨ ᠰᠢᠭᠤᠷᠬᠠᠢ ᠨᠡᠪᠲᠡᠷᠡᠨ᠂ ᠠᠶ᠎ᠠ ᠲᠤᠬᠠᠲᠠᠢ ᠦᠢᠯᠡᠴᠢᠯᠡᠭᠦᠯᠬᠦ ᠪᠣᠯᠤᠮᠵᠢ ᠪᠥᠷᠢᠳᠴᠦ ᠂ ᠮᠣᠩᠭᠣᠯ ᠤᠯᠤᠰ ᠤᠨ ᠭᠠᠳᠠᠭᠠᠳᠤ ᠬᠤᠳᠠᠯᠳᠤᠭ᠎ᠠ᠂ ᠡᠳ᠋ ᠍ ᠦᠨ ᠵᠠᠰᠠᠭ ᠤᠨ ᠬᠦᠭᠵᠢᠯ ᠳᠦ ᠲᠣᠮᠣᠬᠠᠨ ᠨᠥᠯᠥᠭᠡ ᠦᠵᠡᠭᠦᠯᠬᠦ ᠶᠤᠮ᠃ ᠡᠶᠢᠮᠦ ᠳᠦ ᠢᠷᠭᠡᠳ ᠲᠠ ᠪᠦᠬᠦᠨ ᠬᠦᠯᠢᠶᠡᠴᠡᠲᠡᠢ ᠬᠠᠨᠳᠤᠨ ᠪᠣᠭᠣᠮᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠮᠵᠢᠵᠦ ᠬᠠᠮᠲᠤᠷᠠᠨ ᠠᠵᠢᠯᠯᠠᠬᠤ ᠶᠢ ᠬᠦᠰᠡᠶ᠎ᠡ᠃