︽ᠬᠠᠩᠭᠠᠢ ᠶᠢᠨ ᠴᠣᠮᠣ-2019︾ ᠢᠷᠠᠭᠤ ᠨᠠᠶᠢᠷᠠᠭ ᠤᠨ ᠨᠠᠭᠠᠳᠤᠮ ᠪᠣᠯᠪᠠ  | News.MN

 ︽ᠬᠠᠩᠭᠠᠢ ᠶᠢᠨ ᠴᠣᠮᠣ-2019︾ ᠢᠷᠠᠭᠤ ᠨᠠᠶᠢᠷᠠᠭ ᠤᠨ ᠨᠠᠭᠠᠳᠤᠮ ᠪᠣᠯᠪᠠ 

︽ᠬᠠᠩᠭᠠᠢ ᠶᠢᠨ ᠴᠣᠮᠣ-2019︾ ᠢᠷᠠᠭᠤ ᠨᠠᠶᠢᠷᠠᠭ ᠤᠨ ᠨᠠᠭᠠᠳᠤᠮ ᠢ 20 ᠳ᠋ᠤᠭᠠᠷ ᠵᠠᠭᠤᠨ ᠤ ᠤᠷᠠᠨ ᠵᠣᠬᠢᠶᠠᠯ ᠤᠨ ᠰᠣᠳᠣ ᠲᠥᠯᠥᠭᠡᠯᠡᠭᠴᠢ᠂ ᠨᠡᠷᠡᠲᠦ ᠢᠷᠠᠭᠤ ᠨᠠᠶᠢᠷᠠᠭᠴᠢ  ᠴᠢᠮᠡᠳᠷᠠᠪᠳᠠᠨ ᠤ ᠮᠢᠭᠮᠠᠷᠰᠦ᠋ᠷᠦᠩ ᠦᠨ ᠨᠡᠷᠡᠮᠵᠢᠲᠦ ᠪᠣᠯᠭᠠᠨ ᠨᠠᠶᠢᠷᠠᠭᠴᠢ ᠶᠢᠨ ᠲᠦᠷᠦᠭᠰᠡᠨ ᠨᠤᠲᠤᠭ ᠠᠷᠤᠬᠠᠩᠭᠠᠢ ᠠᠶᠢᠮᠠᠭ ᠤᠨ ᠥᠨᠳᠥᠷ-ᠤᠯᠠᠭᠠᠨ ᠰᠤᠮᠤᠨ ᠳᠤ ᠵᠣᠬᠢᠶᠠᠨ ᠪᠠᠶᠢᠭᠤᠯᠤᠭᠰᠠᠨ ᠶᠤᠮ᠃ 30 ᠭᠠᠷᠤᠢ ᠵᠢᠯ ᠦᠨ ᠲᠡᠦᠬᠡ ᠲᠡᠢ ᠡᠨᠡ ᠨᠠᠭᠠᠳᠤᠮ ᠢ ︽ᠬᠠᠨ ᠲᠠᠮᠢᠷ︾ ᠤᠳᠬ᠎ᠠ ᠵᠣᠬᠢᠶᠠᠯ ᠤᠨ ᠲᠥᠪ ᠡᠴᠡ ᠤᠯᠤᠰ ᠤᠨ ᠬᠡᠮᠵᠢᠶᠡᠨ ᠦ ᠬᠢ ᠪᠣᠯᠭᠠᠨ  ᠬᠤᠶᠠᠳᠠᠬᠢ ᠵᠢᠯ ᠳᠦ ᠪᠡᠨ ᠵᠣᠬᠢᠶᠠᠨ ᠶᠠᠪᠤᠭᠤᠯᠵᠠᠢ᠃ ᠡᠨᠡ ᠵᠢᠯ ᠦᠨ ᠨᠠᠭᠠᠳᠤᠮ ᠳᠤ 10 ᠠᠶᠢᠮᠠᠭ ᠤᠨ ᠨᠠᠶᠢᠷᠠᠭᠴᠢᠳ ᠪᠦᠷᠢᠳᠬᠡᠭᠦᠯᠦᠭᠰᠡᠨ ᠡᠴᠡ ᠨᠢᠭᠡᠳᠦᠭᠡᠷ ᠱᠠᠲᠤᠨ ᠳᠤ 20 ᠨᠠᠶᠢᠷᠠᠭᠴᠢ ᠰᠢᠯᠭᠠᠷᠠᠨ ᠠᠷᠤᠬᠠᠩᠭᠠᠢ ᠠᠶᠢᠮᠠᠭ ᠠᠴᠠ ᠳᠠᠪᠠᠭᠤ ᠡᠷᠬᠡ ᠲᠡᠢ ᠪᠡᠷ ᠲᠠᠪᠤᠨ ᠨᠠᠶᠢᠷᠠᠭᠴᠢ ᠶᠢ ᠪᠦᠷᠢᠳᠬᠡᠨ ᠨᠡᠶᠢᠲᠡ 25 ᠢᠷᠠᠭᠤ ᠨᠠᠶᠢᠷᠠᠭᠴᠢ ᠰᠢᠯᠦᠭ᠂ ᠨᠠᠶᠢᠷᠠᠭ ᠢᠶᠠᠷ ᠢᠶᠠᠨ ᠥᠷᠢᠰᠦᠯᠳᠦᠯ᠎ᠡ᠃
ᠳᠥᠷᠪᠡᠨ ᠱᠠᠲᠤ ᠲᠠᠢ ᠵᠣᠬᠢᠶᠠᠨ ᠪᠠᠶᠢᠭᠤᠯᠤᠭᠰᠠᠨ ᠨᠠᠭᠠᠳᠤᠮ ᠤᠨ ᠲᠡᠷᠢᠭᠦᠨ ᠪᠠᠶᠢᠷᠢ ᠶᠢ ᠲᠥᠪ ᠠᠶᠢᠮᠠᠭ ᠤᠨ ᠢᠷᠠᠭᠤ ᠨᠠᠶᠢᠷᠠᠭᠴᠢ  ᠳᠠᠰᠢᠴᠡᠪᠡᠭ ᠦᠨ ᠴᠣᠭᠪᠠᠳᠠᠷᠠᠬᠤ ᠡᠵᠡᠯᠡᠵᠦ᠂ ᠳᠡᠳ᠋ ᠪᠠᠶᠢᠷᠢ ᠶᠢ ᠳᠤᠮᠳᠠᠭᠤᠪᠢ ᠠᠶᠢᠮᠠᠭ ᠤᠨ ᠡᠷᠳᠡᠨᠢᠪᠠᠶᠠᠷ ᠤᠨ ᠭᠠᠩᠲᠤᠯᠭ᠎ᠠ ᠬᠦᠷᠲᠡᠯ᠎ᠡ᠃ ᠭᠤᠷᠪᠠᠳᠤᠭᠠᠷ ᠪᠠᠶᠢᠷᠢ ᠳᠤ ᠵᠠᠪᠬᠠᠨ ᠠᠶᠢᠮᠠᠭ ᠤᠨ ᠵᠠᠯᠠᠭᠤ ᠨᠠᠶᠢᠷᠠᠭᠴᠢ ᠲᠣᠪᠤᠰᠦ᠋ᠷᠦᠩ ᠦᠨ ᠠᠮᠤᠷ-ᠠᠮᠤᠭᠤᠯᠠᠩ᠂ ᠳᠥᠷᠪᠡᠳᠦᠭᠡᠷ ᠪᠠᠶᠢᠷᠢ ᠳᠤ ᠬᠣᠪᠳᠣ ᠠᠶᠢᠮᠠᠭ ᠤᠨ ᠪᠠᠲᠤᠳᠣᠷᠵᠢ ᠶᠢᠨ ᠵᠠᠮᠪᠠᠯᠳᠣᠷᠵᠢ᠂ ᠲᠠᠪᠤᠳᠤᠭᠠᠷ ᠪᠠᠶᠢᠷᠢ ᠳᠤ ᠬᠥᠪᠰᠥᠭᠥᠯ ᠠᠶᠢᠮᠠᠭ ᠤᠨ ᠬᠠᠷᠢᠶᠠᠲᠤ ᠢᠷᠠᠭᠤ ᠨᠠᠶᠢᠷᠠᠭᠴᠢ ᠪᠠᠲᠤᠬᠤᠶᠠᠭ ᠤᠨ  ᠬᠠᠳᠠᠪᠠᠭᠠᠲᠤᠷ ᠰᠢᠯᠭᠠᠷᠠᠯ᠎ᠠ᠃ ᠢᠷᠠᠭᠤ ᠨᠠᠶᠢᠷᠠᠭ ᠤᠨ ᠨᠠᠭᠠᠳᠤᠮ ᠤᠨ ᠶᠡᠷᠦᠩᠬᠡᠢ ᠰᠢᠭᠦᠭᠴᠢ ᠪᠡᠷ ᠢᠷᠠᠭᠤ ᠨᠠᠶᠢᠷᠠᠭᠴᠢ ᠫ∙ᠪᠠᠲᠤᠬᠤᠶᠠᠭ᠂ ᠰᠢᠭᠦᠭᠴᠢᠳ ᠢᠶᠡᠷ ᠢᠷᠠᠭᠤ ᠨᠠᠶᠢᠷᠠᠭᠴᠢ ᠣ᠊∙ᠰᠣᠳᠨᠠᠮᠫᠢᠯ᠂ ᠠ᠊∙ᠲᠡᠮᠦᠷᠰᠦ᠋ᠬᠡ ᠨᠠᠷ ᠠᠵᠢᠯᠯᠠᠭᠰᠠᠨ ᠶᠤᠮ᠃

ᠰᠡᠳᠬᠢᠭᠳᠡᠯ ᠦᠯᠡᠳᠡᠭᠡᠬᠦ