ᠮᠠᠰᠢᠨ ᠦᠭᠡᠢ ᠡᠳᠦᠷ ᠢᠶᠡᠷ ︽ᠴᠡᠪᠡᠷ ᠠᠭᠠᠷ︾ ᠡᠳᠦᠷᠯᠢᠭ ᠪᠣᠯᠤᠨ᠎ᠠ  | News.MN

 ᠮᠠᠰᠢᠨ ᠦᠭᠡᠢ ᠡᠳᠦᠷ ᠢᠶᠡᠷ ︽ᠴᠡᠪᠡᠷ ᠠᠭᠠᠷ︾ ᠡᠳᠦᠷᠯᠢᠭ ᠪᠣᠯᠤᠨ᠎ᠠ 

ᠰᠦᠬᠡᠪᠠᠭᠠᠲᠤᠷ ᠤᠨ ᠲᠠᠯᠠᠪᠠᠢ ᠳᠤ ᠡᠨᠡ ᠰᠠᠷ᠎ᠠ ᠶᠢᠨ 14-15 ᠳᠤ ᠮᠠᠰᠢᠨ ᠦᠭᠡᠢ ᠡᠳᠦᠷ ᠢ ᠤᠭᠲᠤᠨ  ︽ᠴᠡᠪᠡᠷ ᠠᠭᠠᠷ︾ ᠡᠳᠦᠷᠯᠢᠭ ᠪᠣᠯᠤᠨ᠎ᠠ᠃ ᠡᠳᠦᠷᠯᠢᠭ ᠢᠶᠡᠷ ᠠᠭᠠᠷ ᠣᠷᠴᠢᠨ ᠤ ᠪᠤᠬᠢᠷᠳᠤᠯ  ᠢ ᠪᠠᠭᠤᠷᠠᠭᠤᠯᠬᠤ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠵᠤ ᠪᠤᠢ ᠠᠵᠤ ᠠᠬᠤᠢ ᠨᠢᠭᠡᠴᠡ ᠨᠦᠭᠦᠳ ᠴᠠᠬᠢᠯᠭᠠᠨ ᠬᠠᠯᠠᠭᠠᠭᠤᠷ᠂  ᠰᠡᠷᠭᠦᠭᠡᠭᠳᠡᠬᠦ ᠡᠷᠴᠢᠮ ᠬᠦᠴᠦ᠂ ᠭᠡᠷ ᠦᠨ ᠳᠤᠯᠠᠭᠠᠯᠭ᠎ᠠ᠂ ᠬᠡᠢ ᠶᠢᠨ ᠲᠦᠯᠡᠰᠢ᠂ ᠰᠠᠶᠢᠵᠢᠷᠠᠭᠤᠯᠤᠭᠰᠠᠨ ᠲᠦᠯᠡᠰᠢᠨ ᠦ ᠲᠠᠯ᠎ᠠ ᠪᠠᠷ ᠢᠷᠭᠡᠳ ᠲᠦ ᠮᠡᠳᠡᠭᠡᠯᠡᠯ ᠥᠭᠴᠦ ᠪᠦᠲᠦᠭᠡᠭᠳᠡᠬᠦᠨ ᠢᠶᠡᠨ ᠲᠠᠨᠢᠯᠴᠠᠭᠤᠯᠬᠤ ᠶᠤᠮ᠃
ᠠᠷᠭ᠎ᠠ ᠬᠡᠮᠵᠢᠶᠡᠨ ᠳᠦ ᠤᠷᠤᠯᠴᠠᠬᠤ ᠠᠵᠤ ᠠᠬᠤᠢ ᠶᠢᠨ ᠨᠢᠭᠡᠴᠡ ᠪᠠᠶᠢᠭᠤᠯᠤᠯᠭ᠎ᠠ ᠶᠢ ᠶᠢᠰᠦᠳᠦᠭᠡᠷ 12 ᠍ ᠤ ᠡᠳᠦᠷ ᠢ ᠬᠦᠷᠲᠡᠯ᠎ᠡ ᠨᠡᠶᠢᠰᠯᠡᠯ ᠦᠨ ᠠᠭᠠᠷ ᠤᠨ ᠪᠤᠬᠢᠷᠳᠤᠯ ᠲᠠᠢ ᠲᠡᠮᠡᠴᠡᠬᠦ ᠭᠠᠵᠠᠷ ᠲᠤ ᠪᠦᠷᠢᠳᠬᠡᠬᠦ ᠶᠤᠮ ᠪᠠᠶᠢᠨ᠎ᠠ᠃ ᠳᠡᠭᠡᠷᠡᠬᠢ ᠠᠷᠭ᠎ᠠ ᠬᠡᠮᠵᠢᠶᠡᠨ ᠦ ᠦᠶ᠎ᠡ ᠪᠡᠷ ᠠᠭᠠᠷ᠂ ᠣᠷᠴᠢᠨ ᠤ ᠪᠤᠬᠢᠷᠳᠤᠯ  ᠢ ᠪᠠᠭᠤᠷᠠᠭᠤᠯᠬᠤ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ ᠴᠠᠬᠢᠯᠭᠠᠨ ᠬᠠᠯᠠᠭᠠᠭᠤᠷ᠂ ᠰᠡᠷᠭᠦᠭᠡᠭᠳᠡᠬᠦ ᠡᠷᠴᠢᠮ ᠬᠦᠴᠦ᠂ ᠭᠡᠷ ᠦᠨ ᠳᠤᠯᠠᠭᠠᠯᠭ᠎ᠠ᠂ ᠬᠡᠢ ᠶᠢᠨ ᠲᠦᠯᠡᠰᠢ᠂ ᠰᠠᠶᠢᠵᠢᠷᠠᠭᠤᠯᠤᠭᠰᠠᠨ ᠬᠠᠲᠠᠭᠤ ᠲᠦᠯᠡᠰᠢ ᠦᠢᠯᠡᠳᠪᠦᠷᠢᠯᠡᠳᠡᠭ ᠪᠣᠯᠤᠨ ᠢᠮᠫᠣᠷᠲ ᠢᠶᠠᠷ ᠣᠷᠣᠭᠤᠯᠵᠤ ᠢᠷᠡᠳᠡᠭ ᠠᠵᠤ ᠠᠬᠤᠢ ᠶᠢᠨ ᠨᠢᠭᠡᠴᠡ ᠪᠠᠶᠢᠭᠤᠯᠤᠯᠭ᠎ᠠ ᠶᠢ ᠣᠷᠣᠯᠴᠠᠬᠤ ᠶᠢ ᠤᠷᠢᠵᠤ ᠪᠠᠶᠢᠭ᠎ᠠ ᠶᠤᠮ ᠃

ᠰᠡᠳᠬᠢᠭᠳᠡᠯ ᠦᠯᠡᠳᠡᠭᠡᠬᠦ