ᠠᠮᠧᠷᠢᠺᠠ ᠶᠢᠨ ᠠᠪᠤᠷᠠᠭᠴᠢᠳ ᠲᠠᠢ ᠬᠠᠮᠲᠤᠷᠠᠭᠰᠠᠨ ᠰᠤᠷᠭᠠᠭᠤᠯᠢ ᠬᠢᠨ᠎ᠡ  | News.MN

ᠠᠮᠧᠷᠢᠺᠠ ᠶᠢᠨ ᠠᠪᠤᠷᠠᠭᠴᠢᠳ ᠲᠠᠢ ᠬᠠᠮᠲᠤᠷᠠᠭᠰᠠᠨ ᠰᠤᠷᠭᠠᠭᠤᠯᠢ ᠬᠢᠨ᠎ᠡ

︽ᠭᠣᠪᠢ ᠶᠢᠨ ᠴᠢᠨᠣ᠎ᠠ-2019︾ ᠭᠠᠮᠰᠢᠭ ᠤᠨ ᠬᠣᠣᠷ ᠤᠷᠰᠢᠭ ᠢ ᠠᠷᠢᠯᠭᠠᠬᠤ ᠣᠯᠠᠨ ᠤᠯᠤᠰ ᠤᠨ ᠰᠤᠷᠭᠠᠯᠲᠠ᠂ ᠳᠠᠳᠤᠯᠭ᠎ᠠ ᠰᠤᠷᠭᠠᠭᠤᠯᠢ ᠶᠢ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠠᠴᠠ ᠠᠮᠧᠷᠢᠺᠠ ᠶᠢᠨ ᠨᠢᠭᠡᠳᠦᠭᠰᠡᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ᠂ ᠡᠨᠡᠳᠬᠡᠭ ᠨᠣᠮᠣᠬᠠᠨ ᠳᠠᠯᠠᠢ ᠶᠢᠨ ᠴᠡᠷᠢᠭ ᠦᠨ ᠺᠤᠮᠠᠨᠳ᠋ᠯᠠᠯ ᠲᠠᠢ ᠬᠠᠮᠲᠤᠷᠠᠨ ᠨᠠᠢᠮᠠᠳᠠᠬᠢ ᠤᠳᠠᠭ᠎ᠠ ᠪᠠᠨ ᠳᠣᠷᠣᠨᠠᠭᠣᠪᠢ ᠠᠶᠢᠮᠠᠭ ᠲᠤ ᠡᠨᠡ ᠰᠠᠷ᠎ᠠ ᠶᠢᠨ 09-21 ᠳᠤ ᠵᠣᠬᠢᠶᠠᠨ ᠪᠠᠶᠢᠭᠤᠯᠤᠨ᠎ᠠ᠃ ᠳᠣᠷᠣᠨᠠᠭᠣᠪᠢ ᠠᠶᠢᠮᠠᠭ  ᠨᠢ ᠭᠣᠪᠢ ᠬᠡᠭᠡᠷ᠎ᠡ ᠬᠣᠣᠰᠯᠠᠭᠰᠠᠨ ᠨᠤᠲᠤᠭ ᠲᠠᠢ᠂ ᠬᠦᠮᠦᠨ ᠮᠠᠯ ᠤᠨ ᠭᠣᠴᠣ ᠬᠠᠯᠳᠠᠪᠤᠷᠢᠲᠤ ᠡᠪᠡᠳᠴᠢᠨ ᠶᠡᠬᠡ ᠲᠣᠬᠢᠶᠠᠯᠳᠤᠳᠠᠭ᠂ ᠬᠦᠴᠦᠲᠡᠢ ᠴᠠᠰᠤᠨ ᠪᠣᠯᠤᠨ ᠰᠢᠷᠤᠢ ᠶᠢᠨ ᠰᠢᠭᠤᠷᠭ᠎ᠠ ᠰᠢᠭᠤᠷᠳᠠᠭ ᠪᠠᠶᠢᠭᠠᠯᠢ ᠴᠠᠭ ᠠᠭᠠᠷ ᠤᠨ ᠥᠪᠡᠷᠮᠢᠴᠡ ᠣᠨᠴᠠᠯᠢᠭ ᠲᠠᠢ ᠪᠥᠰᠡ ᠨᠤᠲᠤᠭ᠃  ᠮᠥᠨ ᠬᠤᠶᠢᠳᠤ᠂ ᠤᠷᠳᠤ ᠬᠣᠶᠠᠷ ᠭᠦᠷᠦᠨ ᠢ ᠬᠣᠯᠪᠣᠭᠰᠠᠨ ᠲᠡᠮᠦᠷ ᠵᠠᠮ ᠳᠠᠭᠠᠷᠢᠨ ᠥᠩᠭᠡᠷᠡᠳᠡᠭ᠂ ᠳᠡᠳ᠋ ᠪᠦᠲᠦᠴᠡ᠂ ᠠᠶᠠᠯᠠᠯ ᠵᠢᠭᠤᠯᠴᠢᠯᠠᠯ ᠬᠥᠭᠵᠢᠭᠰᠡᠨ᠂ ᠬᠦᠮᠦᠨ ᠠᠮᠠ ᠶᠢᠨ ᠰᠠᠭᠤᠷᠢᠰᠢᠯ ᠨᠢᠭᠲᠠᠷᠠᠯ ᠶᠡᠬᠡᠰᠴᠦ ᠪᠠᠶᠢᠭ᠎ᠠ ᠨᠢ ᠰᠡᠭᠦᠯ ᠦᠨ ᠦᠶ᠎ᠡ ᠳᠦ ᠪᠠᠶᠢᠭᠠᠯᠢ ᠪᠣᠯᠤᠨ ᠬᠦᠮᠦᠨ ᠦ ᠪᠤᠷᠤᠭᠤ ᠲᠠᠢ ᠦᠢᠯᠡ ᠠᠵᠢᠯᠯᠠᠭᠠᠨ ᠠᠴᠠ ᠡᠭᠦᠳᠦᠯᠲᠡᠢ ᠠᠶᠤᠯ᠂ ᠣᠰᠣᠯ ᠤᠨ ᠲᠣᠭ᠎ᠠ᠂ ᠳᠠᠪᠲᠠᠮᠵᠢ ᠶᠡᠬᠡᠰᠬᠦ ᠬᠠᠨᠳᠤᠯᠭ᠎ᠠ ᠲᠠᠢ ᠪᠠᠶᠢᠭ᠎ᠠ ᠶᠤᠮ᠃ ᠲᠡᠶᠢᠮᠦ ᠡᠴᠡ ᠭᠠᠳᠠᠭᠠᠳᠤ ᠤᠯᠤᠰ ᠣᠷᠣᠨ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠲᠠᠢ ᠲᠤᠷᠰᠢᠯᠭ᠎ᠠ ᠰᠣᠯᠢᠯᠴᠠᠵᠤ᠂ ᠰᠢᠨ᠎ᠡ ᠳᠡᠪᠰᠢᠯ᠂ ᠰᠢᠨ᠎ᠡ ᠰᠠᠨᠠᠭ᠎ᠠ᠂ ᠰᠢᠨ᠎ᠡ ᠲᠤᠷᠰᠢᠯᠭ᠎ᠠ ᠶᠢ ᠮᠣᠩᠭᠣᠯ ᠤᠯᠤᠰ ᠤᠨ ᠭᠠᠮᠰᠢᠭ ᠠᠴᠠ ᠬᠠᠮᠠᠭᠠᠯᠠᠬᠤ ᠮᠧᠨᠧᠵᠮᠧᠨᠲ ᠦᠨ ᠦᠢᠯᠡ ᠠᠵᠢᠯᠯᠠᠭᠠᠨ ᠳᠤ ᠨᠡᠪᠲᠡᠷᠡᠭᠦᠯᠬᠦ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠭᠠᠮᠰᠢᠭ ᠠᠴᠠ ᠬᠠᠮᠠᠭᠠᠯᠠᠬᠤ ᠪᠡᠯᠡᠳᠬᠡᠯ ᠪᠡᠯᠡᠨ ᠪᠠᠶᠢᠳᠠᠯ ᠢ ᠳᠡᠭᠡᠭᠰᠢᠯᠡᠭᠦᠯᠬᠦ ᠳᠠᠳᠤᠯᠭ᠎ᠠ ᠰᠤᠷᠭᠠᠭᠤᠯᠢ ᠨᠤᠭᠤᠳ ᠢ ᠬᠠᠮᠲᠤᠷᠠᠨ ᠵᠣᠬᠢᠶᠠᠨ ᠪᠠᠶᠢᠭᠤᠯᠬᠤ ᠶᠤᠮ᠃
ᠳᠠᠳᠤᠯᠭ᠎ᠠ ᠰᠤᠷᠭᠠᠭᠤᠯᠢ ᠶᠢᠨ ᠦᠶ᠎ᠡ ᠪᠡᠷ ᠰᠠᠶᠢᠨᠱᠠᠩᠳᠠ ᠰᠤᠮᠤ ᠶᠢᠨ ᠢᠷᠭᠡᠳ ᠢ ᠰᠢᠯᠵᠢᠭᠦᠯᠬᠦ᠂ ᠭᠠᠵᠠᠷ ᠬᠥᠳᠡᠯᠦᠯᠲᠡ ᠶᠢᠨ ᠭᠠᠮᠰᠢᠭ ᠤᠨ ᠦᠶ᠎ᠡ ᠳᠦ ᠨᠤᠷᠠᠭᠰᠠᠨ ᠪᠠᠷᠢᠯᠭ᠎ᠠ ᠠᠴᠠ ᠨᠡᠷᠪᠡᠭᠳᠡᠭᠰᠡᠳ ᠢ ᠠᠪᠤᠷᠠᠬᠤ᠂ ᠬᠡᠭᠡᠷ᠎ᠡ ᠶᠢᠨ ᠬᠦᠮᠦᠨ᠂ ᠮᠠᠯ ᠡᠮᠨᠡᠯᠭᠡ ᠳᠡᠯᠭᠡᠬᠦ᠂ ᠦᠢᠯᠡᠳᠪᠦᠷᠢ ᠶᠢᠨ ᠪᠠᠷᠢᠯᠭ᠎ᠠ ᠳᠤ ᠬᠢᠮᠢ ᠶᠢᠨ ᠣᠰᠣᠯ ᠤᠨ ᠦᠶ᠎ᠡ ᠳᠦ ᠪᠣᠯᠤᠨ ᠭᠠᠯᠲᠤ ᠲᠡᠷᠭᠡᠨ ᠦ ᠣᠰᠣᠯ ᠤᠨ ᠦᠶ᠎ᠡ ᠳᠦ ᠠᠪᠤᠷᠠᠬᠤ ᠠᠵᠢᠯᠯᠠᠭᠠᠨ ᠤ ᠳᠠᠳᠤᠯᠭ᠎ᠠ᠂ ᠰᠤᠷᠭᠠᠭᠤᠯᠢ ᠨᠤᠭᠤᠳ ᠢ ᠤᠨᠴᠠᠭᠠᠢ ᠪᠠᠶᠢᠳᠠᠯ ᠤᠨ ᠶᠡᠷᠦᠩᠬᠡᠢ ᠭᠠᠵᠠᠷ᠍ ᠤᠨ ᠬᠠᠷᠢᠶ᠎ᠠ ᠦᠨᠳᠦᠰᠦᠨ ᠦ ᠠᠪᠤᠷᠠᠬᠤ ᠪᠠᠷᠢᠭᠠᠳᠠ᠂ ᠡᠮᠦᠨᠡᠲᠦ ᠪᠥᠰᠡ ᠶᠢᠨ ᠲᠥᠪ ᠡᠮᠦᠨᠡᠭᠣᠪᠢ᠂ ᠵᠡᠭᠦᠨ ᠪᠥᠰᠡ ᠶᠢᠨ ᠲᠥᠪ ᠳᠣᠷᠣᠨᠠᠲᠤ᠂ ᠰᠦᠬᠡᠪᠠᠭᠠᠲᠤᠷ᠂ ᠬᠡᠨᠲᠡᠢ᠂ ᠳᠤᠮᠳᠠᠭᠤᠪᠢ᠂  ᠭᠤᠪᠢᠰᠦ᠋ᠮᠪᠤᠷ ᠠᠶᠢᠮᠠᠭ ᠤᠨ ᠣᠨᠴᠠᠭᠠᠢ ᠪᠠᠶᠢᠳᠠᠯ ᠤᠨ ᠭᠠᠵᠠᠷ ᠤᠳ ᠤᠨ ᠠᠪᠤᠷᠠᠭᠴᠢᠳ ᠠᠮᠧᠷᠢᠺᠠ ᠶᠢᠨ ᠨᠣᠮᠣᠬᠠᠨ ᠳᠠᠯᠠᠢ ᠶᠢᠨ ᠴᠡᠷᠢᠭ ᠦᠨ ᠺᠤᠮᠠᠨᠳ᠋ᠯᠠᠯ ᠤᠨ ᠠᠪᠤᠷᠠᠭᠴᠢᠳ ᠲᠠᠢ ᠬᠠᠮᠲᠤᠷᠠᠨ ᠭᠦᠢᠴᠡᠳᠭᠡᠬᠦ ᠪᠡᠷ ᠪᠡᠯᠡᠳᠬᠡᠯ ᠠᠵᠢᠯ ᠢ ᠬᠠᠩᠭᠠᠨ ᠠᠵᠢᠯᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ