ᠬ∙ ᠪᠠᠲᠤᠲᠤᠯᠭ᠎ᠠ᠄ ᠰᠢᠪᠸᠷᠢᠶ᠎ᠠ ᠪᠣᠯ ᠳᠡᠯᠡᠬᠡᠢ ᠶᠢᠨ ᠠᠭᠤᠰᠬᠢ | News.MN

ᠬ∙ ᠪᠠᠲᠤᠲᠤᠯᠭ᠎ᠠ᠄ ᠰᠢᠪᠸᠷᠢᠶ᠎ᠠ ᠪᠣᠯ ᠳᠡᠯᠡᠬᠡᠢ ᠶᠢᠨ ᠠᠭᠤᠰᠬᠢ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠶᠢ ᠠᠮᠧᠷᠢᠺᠠ  ᠳᠦ ᠠᠶᠢᠯᠴᠢᠯᠠᠵᠤ᠂ ᠴᠠᠭᠠᠨ ᠣᠷᠳᠣᠨ ᠳᠤ ᠵᠣᠴᠢᠯᠠᠭᠰᠠᠨ ᠡᠳᠦᠷ ᠠᠮᠧᠷᠢᠺᠠ ᠶᠢᠨ ᠶᠡᠷᠦᠩᠬᠡᠶᠢᠯᠡᠭᠴᠢ ᠳ᠋ᠤᠨᠠᠯᠳ᠋ ᠲᠷᠠᠮᠫ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠤᠲᠠᠰᠤ ᠪᠠᠷ ᠶᠠᠷᠢᠵᠤ ᠰᠢᠪᠸᠷᠢᠶ᠎ᠠ  ᠳᠦ ᠭᠠᠷᠴᠤ ᠪᠤᠢ ᠲᠦᠢᠮᠡᠷ ᠢ ᠤᠨᠲᠠᠷᠠᠭᠠᠬᠤ ᠳᠤ ᠲᠤᠰᠠᠯᠠᠮᠵᠢ ᠦᠵᠡᠭᠦᠯᠬᠦ ᠰᠠᠨᠠᠯ ᠢ ᠲᠠᠯᠪᠢᠭᠰᠠᠨ ᠶᠤᠮ᠃ ᠲᠤᠬᠠᠢ ᠶᠢᠨ ᠦᠶ᠎ᠡ ᠳᠦ ᠫᠦᠲ᠋ᠢᠨ ᠲᠤᠰᠠᠯᠠᠬᠤ ᠰᠠᠨᠠᠯ ᠲᠠᠯᠪᠢᠭᠰᠠᠨ ᠳᠤ ᠨᠢ ᠲᠠᠯᠠᠷᠬᠠᠯ ᠢᠶᠠᠨ ᠢᠯᠡᠷᠬᠡᠶᠢᠯᠡᠭᠡᠳ ᠬᠡᠷᠪᠡ ᠱᠠᠭᠠᠷᠳᠠᠯᠭ᠎ᠠ ᠲᠠᠢ ᠪᠣᠯ ᠠᠮᠧᠷᠢᠺᠠ ᠶᠢᠨ ᠨᠢᠭᠡᠳᠦᠭᠰᠡᠨ ᠤᠯᠤᠰ ᠤᠨ ᠲᠤᠰᠠᠯᠠᠮᠵᠢ ᠶᠢ ᠠᠪᠬᠤ ᠪᠠᠨ ᠢᠯᠡᠷᠬᠡᠶᠢᠯᠡᠵᠦ ᠪᠠᠶᠢᠪᠠ᠃ ᠲᠡᠭᠡᠪᠡᠯ ᠡᠨᠡ ᠲᠠᠯ᠎ᠠ ᠪᠠᠷ ᠸᠯᠠᠳᠢᠸᠦᠰᠲ᠋ᠤᠺ ᠬᠤᠲᠠ ᠳᠤ ᠪᠣᠯᠤᠭᠰᠠᠨ ᠳᠣᠷᠣᠨ᠎ᠠ ᠶᠢᠨ ᠡᠳ᠋ ᠍ ᠦᠨ ᠵᠠᠰᠠᠭ ᠤᠨ ᠴᠢᠭᠤᠯᠭᠠᠨ ᠤ ᠦᠶ᠎ᠡ ᠪᠡᠷ ᠬᠥᠲᠥᠯᠥᠭᠴᠢ ᠶᠢᠨ ᠠᠰᠠᠭᠤᠭᠰᠠᠨ ᠠᠰᠠᠭᠤᠯᠲᠠ ᠳᠤ ᠶᠡᠷᠦᠩᠬᠡᠶᠢᠯᠡᠭᠴᠢ ᠪᠠᠲᠤᠲᠤᠯᠭ᠎ᠠ ᠡᠶᠢᠨ ᠬᠠᠷᠢᠭᠤᠯᠵᠠᠢ᠃
ᠬᠥᠲᠥᠯᠥᠭᠴᠢ᠄ ᠮᠣᠩᠭᠣᠯ ᠤᠯᠤᠰ ᠤᠨ ᠶᠡᠷᠦᠩᠬᠡᠶᠢᠯᠡᠭᠴᠢ ᠡᠴᠡ ᠠᠰᠠᠭᠤᠬᠤ ᠵᠦᠢᠯ ᠪᠠᠶᠢᠨ᠎ᠠ᠃ ᠲᠠᠨ ᠢ ᠸᠠᠰᠢᠩᠲ᠋ᠣᠨ ᠳᠤ ᠪᠠᠶᠢᠬᠤ ᠦᠶ᠎ᠡ ᠳᠦ ᠶᠡᠷᠦᠩᠬᠡᠶᠢᠯᠡᠭᠴᠢ ᠲᠷᠠᠮᠫ ᠶᠡᠷᠦᠩᠬᠡᠶᠢᠯᠡᠭᠴᠢ ᠫᠦᠲ᠋ᠢᠨ ᠲᠡᠢ ᠤᠲᠠᠰᠤ ᠪᠠᠷ ᠶᠠᠷᠢᠭᠰᠠᠨ᠃ ᠲᠠ ᠲᠷᠠᠮᠫ ᠢ ᠤᠲᠠᠰᠤ ᠪᠠᠷ ᠶᠠᠷᠢᠭᠤᠯᠬᠤ ᠵᠦᠢᠯ ᠬᠢᠭᠰᠡᠨ ᠦᠦ ᠬᠡᠮᠡᠨ ᠠᠰᠠᠭᠤᠵᠠᠢ᠃ ᠬᠠᠷᠢᠭᠤ ᠳᠤ ᠨᠢ ᠬ∙ᠪᠠᠲᠤᠲᠤᠯᠭ᠎ᠠ᠄ᠲᠣᠮᠣ ᠭᠦᠷᠦᠨ ᠨᠦᠭᠦᠳ ᠦᠨ ᠬᠣᠭᠣᠷᠣᠨᠳᠣ ᠣᠶᠢᠯᠠᠭᠠᠯᠴᠠᠳᠠᠭ ᠦᠭᠡᠢ ᠵᠦᠢᠯᠡᠰ ᠪᠠᠶᠢᠳᠠᠭ ᠶᠤᠮ ᠰᠢᠭ᠋ ᠪᠠᠶᠢᠨ᠎ᠠ᠃ ᠪᠢᠳᠡ ᠨᠢᠭᠡ ᠳᠡᠯᠡᠬᠡᠢ ᠳᠡᠭᠡᠷ᠎ᠡ ᠠᠮᠢᠳᠤᠷᠠᠳᠠᠭ ᠲᠤᠯᠠ ᠰᠢᠪᠸᠷᠢᠶ᠎ᠠ ᠪᠣᠯ ᠳᠡᠯᠡᠬᠡᠢ ᠶᠢᠨ ᠠᠭᠤᠰᠭᠢ᠃ ᠠᠭᠤᠰᠭᠢ ᠰᠢᠲᠠᠵᠤ ᠪᠠᠶᠢᠬᠤ ᠳᠤ ᠲᠠ ᠣᠷᠣᠰ ᠤᠨ ᠶᠡᠷᠦᠩᠬᠡᠶᠢᠯᠡᠭᠴᠢ ᠤᠷᠤᠭᠤ ᠤᠲᠠᠰᠤᠳᠠᠭᠠᠳ ᠰᠠᠨᠠᠭ᠎ᠠ ᠵᠣᠪᠠᠵᠤ ᠪᠠᠶᠢᠭ᠎ᠠ ᠪᠠᠨ ᠢᠯᠡᠷᠬᠡᠶᠢᠯᠡᠬᠦ ᠶᠢ ᠬᠦᠰᠡᠭᠰᠡᠨ᠃ ᠡᠶᠢᠮᠦ ᠯᠠ ᠦᠭᠡ ᠬᠡᠯᠡᠭᠰᠡᠨ ᠭᠡᠯ᠎ᠡ᠃

ᠰᠡᠳᠬᠢᠭᠳᠡᠯ ᠦᠯᠡᠳᠡᠭᠡᠬᠦ