100 ᠨᠠᠰᠤᠲᠠᠢ ᠠᠬᠠᠮᠠᠳ ᠲᠤ ᠬᠦᠨᠳᠦᠳᠬᠡᠯ ᠢᠯᠡᠷᠬᠡᠶᠢᠯᠡᠪᠡ  | News.MN

100 ᠨᠠᠰᠤᠲᠠᠢ ᠠᠬᠠᠮᠠᠳ ᠲᠤ ᠬᠦᠨᠳᠦᠳᠬᠡᠯ ᠢᠯᠡᠷᠬᠡᠶᠢᠯᠡᠪᠡ 

ᠬᠠᠯᠬ᠎ᠠ ᠭᠣᠣᠯ ᠤᠨ ᠳᠠᠶᠢᠨ ᠳᠤ ᠣᠷᠣᠯᠴᠠᠵᠤ ᠪᠠᠶᠢᠭᠰᠠᠨ ᠣᠷᠣᠰ ᠤᠨ ᠪᠤᠷᠢᠶᠠᠳ ᠤᠯᠤᠰ ᠤᠨ ᠤᠯᠠᠭᠠᠨ-ᠦᠳᠡ  ᠬᠤᠲᠠ ᠳᠤ ᠣᠷᠣᠰᠢᠨ ᠰᠠᠭᠤᠭ᠎ᠠ 100 ᠨᠠᠰᠤᠲᠠᠢ ᠠᠬᠠᠮᠠᠳ ᠳᠠᠶᠢᠴᠢᠨ ᠺᠤᠸᠠᠯᠸᠪ ᠧᠹᠷᠧᠮ  ᠠᠨᠳ᠋ᠷᠸᠸᠢᠴ ᠳᠤ ᠮᠣᠩᠭᠣᠯ ᠣᠷᠣᠰ ᠤᠨ ᠳ᠋ᠢᠫᠯᠣᠮᠠᠲ ᠤᠳ ᠬᠦᠨᠳᠦᠳᠬᠡᠯ ᠢᠯᠡᠷᠬᠡᠶᠢᠯᠡᠭᠡᠳ᠂ ᠬᠠᠯᠬ᠎ᠠ ᠭᠣᠣᠯ ᠤᠨ ᠳᠠᠶᠢᠨ ᠤ ᠢᠯᠠᠯᠲᠠ ᠶᠢᠨ 80 ᠵᠢᠯ ᠦᠨ ᠣᠢ ᠶᠢᠨ ᠮᠧᠳᠠᠯ᠂ ᠳᠤᠷᠠᠰᠬᠠᠯ ᠤᠨ ᠵᠦᠢᠯ ᠭᠠᠷᠳᠠᠭᠤᠯᠪᠠ᠃ ᠮᠣᠩᠭᠣᠯ ᠤᠯᠤᠰ ᠠᠴᠠ ᠣᠷᠣᠰ ᠤᠨ ᠪᠤᠷᠢᠶᠠᠳ ᠤᠯᠤᠰ ᠤᠨ ᠤᠯᠠᠭᠠᠨ-ᠦᠳᠡ ᠬᠤᠲᠠ ᠳᠤ ᠰᠠᠭᠤᠭ᠎ᠠ ᠶᠡᠷᠦᠩᠬᠡᠢ ᠺᠤᠨᠰᠦ᠋ᠯ ᠤᠨ ᠭᠠᠵᠠᠷ ᠠᠴᠠ ᠠᠬᠠᠮᠠᠳ ᠳᠠᠶᠢᠴᠢᠨ ᠳᠤ ᠬᠦᠨᠳᠦᠳᠬᠡᠯ ᠢᠯᠡᠷᠬᠡᠶᠢᠯᠡᠬᠦ ᠰᠠᠨᠠᠭᠠᠴᠢᠯᠠᠭ᠎ᠠ ᠭᠠᠷᠭᠠᠵᠤ᠂ ᠺᠤᠨᠰᠦ᠋ᠯ ᠳ∙ᠭᠠᠩᠪᠣᠯᠣᠳ᠂ ᠳᠡᠳ᠋ ᠺᠤᠨᠰᠦ᠋ᠯ ᠮ∙ᠭᠠᠩᠬᠦᠦ᠂ ᠣᠷᠣᠰ ᠠᠴᠠ ᠲᠤᠰ ᠤᠯᠤᠰ ᠤᠨ  ᠭᠠᠳᠠᠭᠠᠳᠤ ᠬᠠᠷᠢᠯᠴᠠᠭᠠᠨ ᠤ ᠶᠠᠮᠤᠨ ᠤ ᠤᠯᠠᠭᠠᠨ-ᠦᠳᠡ ᠳ᠋ᠡᠬᠢ ᠲᠥᠯᠦᠭᠡᠯᠡᠭᠴᠢ ᠶᠢᠨ ᠭᠤᠷᠪᠠᠳᠤᠭᠠᠷ ᠨᠠᠷᠢᠨ ᠪᠢᠴᠢᠭ ᠦᠨ ᠳᠠᠷᠤᠭ᠎ᠠ ᠱᠠᠭᠳᠠᠷᠤᠸᠠ ᠺᠰᠧᠨᠢᠶ᠎ᠠ᠂ ᠪᠤᠷᠢᠶᠠᠳ ᠤᠨ ᠨᠡᠶᠢᠭᠡᠮ ᠦᠨ ᠬᠠᠯᠠᠮᠵᠢ ᠶᠢᠨ ᠪᠠᠶᠢᠭᠤᠯᠤᠯᠭ᠎ᠠ᠂ ᠠᠬᠠᠮᠠᠳ ᠳᠠᠶᠢᠴᠢᠳ ᠤᠨ ᠬᠣᠯᠪᠣᠭ᠎ᠠ᠂ ᠮᠡᠳᠡᠭᠡᠯᠡᠯ ᠦᠨ ᠬᠡᠷᠡᠭᠰᠡᠯ ᠦᠨ ᠲᠥᠯᠦᠭᠡᠯᠡᠯ ᠣᠷᠣᠯᠴᠠᠯ᠎ᠠ᠃
ᠺᠤᠸᠠᠯᠸᠪ ᠧᠹᠷᠧᠮ ᠠᠨᠳ᠋ᠷᠸᠸᠢᠴ ᠨᠢ ᠤᠯᠠᠭᠠᠨ-ᠦᠳᠡ ᠬᠤᠲᠠ ᠳᠤ ᠡᠴᠢᠭᠡ ᠡᠬᠡ ᠶᠢᠨ ᠬᠠᠮᠲᠤ 14 ᠨᠠᠰᠤᠲᠠᠢ ᠳᠤ ᠪᠠᠨ ᠢᠷᠡᠭᠰᠡᠨ᠃ ᠲᠡᠷᠡᠪᠡᠷ ᠵᠢᠯᠣᠭᠣᠴᠢ ᠮᠡᠷᠭᠡᠵᠢᠯ ᠲᠡᠢ ᠪᠠᠶᠢᠵᠠᠢ᠃ ᠲᠡᠭᠦᠨ ᠢ  ᠮᠠᠰᠢᠨ ᠢᠶᠠᠷ ᠠᠴᠢᠶ᠎ᠠ ᠵᠥᠭᠡᠭᠡᠯᠭᠡᠬᠦ  ᠪᠠᠷ 1939 ᠣᠨ ᠳᠤ ᠬᠠᠯᠬ᠎ᠠ ᠭᠣᠣᠯ ᠤᠷᠤᠭᠤ ᠳᠠᠶᠢᠴᠢᠯᠠᠵᠠᠢ᠃

ᠰᠡᠳᠬᠢᠭᠳᠡᠯ ᠦᠯᠡᠳᠡᠭᠡᠬᠦ