ᠬᠢᠲᠠᠳ ᠲᠠᠢ 8.4 ᠲᠡᠷᠪᠤᠮ ᠳ᠋ᠤᠯᠯᠠᠷ ᠤᠨ ᠬᠤᠳᠠᠯᠳᠤᠭ᠎ᠠ ᠬᠢᠵᠡᠢ  | News.MN

ᠬᠢᠲᠠᠳ ᠲᠠᠢ 8.4 ᠲᠡᠷᠪᠤᠮ ᠳ᠋ᠤᠯᠯᠠᠷ ᠤᠨ ᠬᠤᠳᠠᠯᠳᠤᠭ᠎ᠠ ᠬᠢᠵᠡᠢ 

ᠭᠤᠷᠪᠠᠳᠠᠬᠢ ᠤᠳᠠᠭ᠎ᠠ ᠪᠠᠨ ᠵᠣᠬᠢᠶᠠᠭᠳᠠᠵᠤ ᠪᠤᠢ ᠮᠣᠩᠭᠣᠯ ᠬᠢᠲᠠᠳ ᠤᠨ ᠡᠺᠰᠫᠣ ᠠᠷᠭ᠎ᠠ ᠬᠡᠮᠵᠢᠶ᠎ᠡ ᠦᠷᠭᠦᠯᠵᠢᠯᠡᠵᠦ ᠪᠠᠶᠢᠨ᠎ᠠ᠃ ᠡᠺᠰᠫᠤ ᠶᠢᠨ ᠦᠶ᠎ᠡ ᠪᠡᠷ ᠪᠣᠯᠤᠭᠰᠠᠨ ᠵᠡᠭᠦᠨ ᠬᠤᠶᠢᠳᠤ ᠠᠽᠢᠶ᠎ᠠ ᠶᠢᠨ ᠪᠦᠰᠡ ᠨᠤᠲᠤᠭ ᠤᠨ ᠬᠠᠮᠲᠤ ᠶᠢᠨ ᠠᠵᠢᠯᠯᠠᠭᠠᠨ ᠤ ᠳᠡᠭᠡᠳᠦ ᠲᠦᠪᠰᠢᠨ ᠦ ᠹᠣᠷᠣᠮ ᠤᠨ ᠨᠡᠭᠡᠭᠡᠯᠲᠡᠨ ᠳᠦ ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠰᠠᠭᠤᠭ᠎ᠠ ᠡᠯᠴᠢᠨ ᠰᠠᠶᠢᠳ ᠳ ∙ ᠭᠠᠩᠬᠤᠶᠠᠭ ᠄2015᠂ 2017 ᠣᠨ ᠳᠤ ᠵᠣᠬᠢᠶᠠᠨ ᠪᠠᠶᠢᠭᠤᠯᠤᠭᠰᠠᠨ ᠡᠮᠦᠨᠡᠬᠢ ᠡᠺᠰᠫᠤ ᠳᠤ ᠳᠠᠪᠬᠤᠷᠳᠠᠭᠰᠠᠨ ᠲᠣᠭ᠎ᠠ ᠪᠠᠷ ᠨᠡᠶᠢᠲᠡ 700 ᠣᠷᠴᠢᠮ ᠠᠵᠤ ᠠᠬᠤᠢ ᠶᠢᠨ ᠨᠢᠭᠡᠴᠡ ᠣᠷᠣᠯᠴᠠᠵᠤ᠂ ᠨᠡᠶᠢᠲᠡ 2.28 ᠲᠡᠷᠪᠤᠮ ᠶᠤᠸᠠᠨ ᠤᠨ ᠥᠷᠲᠡᠭ ᠪᠦᠬᠦᠢ ᠬᠠᠮᠲᠤ ᠶᠢᠨ ᠠᠵᠢᠯᠯᠠᠭᠠᠨ ᠤ 278 ᠪᠠᠷᠢᠮᠲᠠ ᠪᠢᠴᠢᠭ ᠢ ᠪᠠᠶᠢᠭᠤᠯᠤᠨ ᠬᠠᠮᠲᠤᠷᠠᠭᠰᠠᠨ ᠲᠥᠰᠦᠯ ᠬᠥᠲᠦᠯᠪᠦᠷᠢ ᠶᠢ ᠬᠡᠷᠡᠭᠵᠢᠭᠦᠯᠵᠦ ᠪᠠᠶᠢᠨ᠎ᠠ᠃ ᠮᠥᠨ ᠥᠩᠭᠡᠷᠡᠭᠰᠡᠨ ᠬᠣᠶᠠᠷ ᠤᠳᠠᠭ᠎ᠠ ᠶᠢᠨ ᠦᠵᠡᠰᠬᠦᠯᠡᠩ ᠳᠦ ᠨᠡᠶᠢᠲᠡ 1.13 ᠲᠡᠷᠪᠤᠮ ᠶᠤᠸᠠᠨ ‍ᠣ ᠪᠣᠷᠣᠯᠠᠭᠤᠯᠤᠯᠲᠠ ᠬᠢᠵᠡᠢ᠃ ᠮᠣᠩᠭᠣᠯ᠂ ᠬᠢᠲᠠᠳ ᠬᠣᠶᠠᠷ ᠤᠯᠤᠰ ᠪᠣᠯ 4670 ᠭᠠᠷᠤᠢ ᠺᠢᠯᠤᠮᠸᠲᠷ ᠭᠠᠵᠠᠷ ᠨᠤᠲᠤᠭ ᠢᠶᠠᠷ ᠬᠢᠯᠢᠯᠡᠳᠡᠭ᠂ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭᠠᠨ ᠤ ᠬᠤᠪᠢ ᠳᠤ ᠪᠡᠶ᠎ᠡ ᠪᠡᠶ᠎ᠡ ᠪᠡᠨ ᠨᠥᠬᠥᠬᠥ ᠣᠨᠴᠠᠯᠢᠭ ᠲᠠᠢ᠂ ᠣᠯᠠᠨ ᠰᠠᠯᠪᠤᠷᠢ ᠳᠤ ᠨᠢᠭᠲᠠ ᠬᠠᠮᠲᠤᠷᠠᠨ ᠠᠵᠢᠯᠯᠠᠳᠠᠭ ᠨᠠᠶᠢᠷᠰᠠᠭ ᠬᠥᠷᠰᠢ ᠣᠷᠣᠨ ᠨᠤᠭᠤᠳ ᠪᠢᠯᠡ᠃ ᠮᠠᠨ ᠤ ᠤᠯᠤᠰ ᠤᠨ ᠨᠡᠶᠢᠲᠡ ᠭᠠᠳᠠᠭᠠᠳᠤ ᠬᠤᠳᠠᠯᠳᠤᠭᠠᠨ ᠤ 65.2 ᠬᠤᠪᠢ ᠶᠢ ᠬᠢᠲᠠᠳ ᠲᠠᠢ ᠬᠢᠭᠰᠡᠨ ᠬᠤᠳᠠᠯᠳᠤᠭ᠎ᠠ ᠡᠵᠡᠯᠡᠵᠦ᠂ 2018 ᠣᠨ ᠤ ᠡᠴᠦᠰ ᠦᠨ ᠪᠠᠶᠢᠳᠠᠯ ᠢᠶᠠᠷ 8.4 ᠲᠡᠷᠪᠤᠮ ᠳ᠋ᠣᠯᠯᠠᠷ ᠲᠤ ᠬᠦᠷᠦᠭᠰᠡᠨ ᠨᠢ ᠡᠮᠦᠨᠡᠬᠢ ᠣᠨ ᠤ ᠮᠥᠨ ᠦᠶ᠎ᠡ ᠶᠢᠨ ᠬᠢ ᠲᠡᠢ ᠬᠠᠷᠢᠴᠠᠭᠤᠯᠬᠤ ᠳᠤ 21 ᠣᠷᠴᠢᠮ ᠬᠤᠪᠢ ᠪᠠᠷ ᠥᠰᠦᠭᠰᠡᠨ ᠪᠠᠶᠢᠨ᠎ᠠ ᠭᠡᠪᠡ᠃
ᠡᠨᠡ ᠤᠳᠠᠭ᠎ᠠ ᠶᠢᠨ ᠡᠺᠰᠫᠣ ᠠᠷᠭ᠎ᠠ ᠬᠡᠮᠵᠢᠶᠡᠨ ᠳᠦ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ᠂ ᠶᠠᠫᠣᠨ ᠤᠯᠤᠰ᠂ ᠣᠷᠣᠰ ᠤᠨ ᠬᠣᠯᠪᠣᠭᠠᠨ ᠤ ᠤᠯᠤᠰ ᠵᠡᠷᠭᠡ ᠪᠦᠰᠡ ᠨᠤᠲᠤᠭ ᠤᠨ ᠵᠣᠴᠢᠳ ᠲᠥᠯᠦᠭᠡᠯᠡᠭᠴᠢᠳ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠥᠷᠥ ᠶᠢᠨ ᠪᠣᠯᠤᠨ ᠪᠡᠭᠡᠵᠢᠩ ᠬᠣᠲᠠ ᠶᠢᠨ ᠤᠳᠤᠷᠢᠳᠤᠯᠭ᠎ᠠ ᠨᠤᠭᠤᠳ᠂  ᠬᠤᠩᠺᠤᠩ᠂ ᠮᠠᠺᠤ ᠵᠡᠷᠭᠡ ᠲᠤᠰᠬᠠᠢ ᠵᠠᠬᠢᠷᠭᠠᠨ ᠤ ᠪᠥᠰᠡ ᠶᠢᠨ ᠲᠥᠯᠥᠭᠡᠯᠡᠭᠴᠢᠳ᠂ ᠪᠦᠰᠡ ᠨᠤᠲᠤᠭ ᠤᠨ ᠲᠡᠷᠢᠭᠦᠯᠡᠬᠦ ᠠᠵᠤ ᠠᠬᠤᠢ ᠶᠢᠨ ᠨᠢᠭᠡᠴᠡ᠂ ᠭᠷᠦ᠋ᠫ ᠤᠨ ᠤᠳᠤᠷᠢᠳᠤᠯᠭ᠎ᠠ ᠨᠠᠷ᠂ ᠡᠷᠳᠡᠮ  ᠰᠢᠨᠵᠢᠯᠡᠭᠡᠨ ᠰᠤᠳᠤᠯᠭᠠᠨ ᠤ ᠡᠷᠳᠡᠮᠲᠡᠳ᠂ ᠰᠣᠶᠣᠯ᠂ ᠤᠷᠠᠯᠢᠭ ᠤᠨ ᠰᠠᠯᠪᠤᠷᠢ ᠶᠢᠨ ᠨᠡᠷᠡᠲᠦ ᠲᠥᠯᠦᠭᠡᠯᠡᠭᠴᠢᠳ ᠣᠷᠣᠯᠴᠠᠭᠰᠠᠨ ᠨᠡᠶᠢᠲᠡ 7000 ᠬᠦᠮᠦᠨ ᠬᠠᠮᠤᠷᠤᠭᠳᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ