ᠬᠠᠰᠠᠭᠰᠲ᠋ᠠᠨ ᠤ ᠤᠷᠠᠨ ᠵᠣᠬᠢᠶᠠᠯ᠂ ᠰᠤᠶᠤᠯ ᠤᠨ ᠲᠥᠪ ᠨᠡᠭᠡᠭᠡᠯ᠎ᠡ  | News.MN

ᠬᠠᠰᠠᠭᠰᠲ᠋ᠠᠨ ᠤ ᠤᠷᠠᠨ ᠵᠣᠬᠢᠶᠠᠯ᠂ ᠰᠤᠶᠤᠯ ᠤᠨ ᠲᠥᠪ ᠨᠡᠭᠡᠭᠡᠯ᠎ᠡ 

ᠪᠠᠶᠠᠨ-ᠥᠯᠥᠭᠡᠢ ᠠᠶᠢᠮᠠᠭ ᠤᠨ ᠪ∙ᠠᠾᠠᠲ᠋ᠠᠨ ᠤ ᠨᠡᠷᠡᠮᠵᠢᠲᠦ ᠲᠥᠪ ᠨᠣᠮ ᠤᠨ ᠰᠠᠩ ᠳᠤ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠤᠨ ᠤᠷᠠᠨ ᠵᠣᠬᠢᠶᠠᠯ᠂ ᠰᠤᠶᠤᠯ ᠤᠨ ᠲᠥᠪ ᠢ ᠨᠡᠭᠡᠭᠡᠯ᠎ᠡ᠃ ᠡᠨᠡ ᠰᠠᠷ᠎ᠠ ᠶᠢᠨ 9-10 ᠍ ᠤ ᠡᠳᠦᠷ ᠦᠳ ᠲᠦ ᠲᠣᠬᠢᠶᠠᠵᠤ ᠪᠤᠢ ᠠᠶᠢᠮᠠᠭ ᠤᠨ ᠲᠥᠪ ᠨᠣᠮ ᠤᠨ ᠰᠠᠩ ᠤᠨ 70 ᠵᠢᠯ ᠦᠨ ᠣᠢ ᠶᠢᠨ ᠪᠠᠶᠠᠷ ᠢ ᠲᠣᠬᠢᠶᠠᠯᠳᠤᠭᠤᠯᠤᠨ ᠡᠨᠡᠬᠦ ᠲᠥᠪ ᠢ ᠨᠡᠭᠡᠭᠡᠭᠰᠡᠨ ᠪᠥᠭᠡᠳ ᠨᠡᠭᠡᠭᠡᠯᠲᠡ ᠶᠢᠨ ᠠᠵᠢᠯᠯᠠᠭᠠᠨ ᠳᠤ ᠠᠶᠢᠮᠠᠭ ᠤᠨ ᠵᠠᠰᠠᠭ ᠳᠠᠷᠤᠭ᠎ᠠ ᠶᠢᠨ ᠣᠷᠣᠯᠠᠭᠴᠢ ᠱ∙ᠾᠠᠸᠠᠯ᠂ ᠬᠠᠰᠠᠭᠰᠲ᠋ᠠᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ  ᠶᠠᠮᠤᠨ ᠤ ᠲᠦᠯᠦᠭᠡᠯᠡᠯ ᠂ ᠣᠷᠣᠨ ᠨᠤᠲᠤᠭ ᠤᠨ ᠵᠣᠬᠢᠶᠠᠯᠴᠢ᠂ ᠢᠷᠠᠭᠤ ᠨᠠᠶᠢᠷᠠᠭᠴᠢᠳ᠂ ᠢᠷᠭᠡᠳ ᠣᠷᠣᠯᠴᠠᠯ᠎ᠠ᠃
ᠬᠠᠰᠠᠭᠰᠲ᠋ᠠᠨ ᠤ ᠤᠷᠠᠨ ᠵᠣᠬᠢᠶᠠᠯ᠂ ᠰᠤᠶᠤᠯ ᠤᠨ ᠲᠥᠪ ᠢ ᠨᠡᠭᠡᠭᠡᠵᠦ ᠪᠠᠶᠢᠭ᠎ᠠ ᠲᠠᠢ ᠬᠣᠯᠪᠣᠭᠳᠠᠭᠤᠯᠤᠨ ᠲᠤᠰ ᠤᠯᠤᠰ ᠤᠨ ᠰᠤᠶᠤᠯ ᠰᠫᠣᠷᠲ ᠤᠨ ᠶᠠᠮᠤᠨ ᠪᠣᠯᠤᠨ ᠮᠠᠨ ᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠳᠡᠮᠵᠢᠯᠭᠡ ᠪᠡᠷ 1000 ᠳᠡᠪᠲᠡᠷ ᠤᠷᠠᠨ ᠵᠣᠬᠢᠶᠠᠯ᠂ ᠲᠡᠦᠬᠡ᠂ ᠲᠠᠨᠢᠨ ᠮᠡᠳᠡᠬᠦᠢ ᠶᠢᠨ ᠨᠣᠮ ᠬᠠᠨᠳᠢᠪᠯᠠᠭᠰᠠᠨ ᠢ ᠨᠡᠭᠡᠭᠡᠯᠲᠡ ᠶᠢᠨ ᠠᠵᠢᠯᠯᠠᠭᠠᠨ ᠤ ᠦᠶ᠎ᠡ ᠪᠡᠷ ᠬᠦᠯᠢᠶᠡᠯᠭᠡᠵᠦ ᠦᠭᠭᠦᠯ᠎ᠡ ᠃ ᠬᠠᠷᠢᠨ ᠨᠣᠮ ᠤᠨ ᠰᠠᠩ ᠤᠨ  ᠬᠢᠨ ᠲᠥᠪ ᠦᠨ ᠦᠢᠯᠡ ᠠᠵᠢᠯᠯᠠᠭ᠎ᠠ ᠶᠠᠪᠤᠭᠤᠯᠬᠤ ᠳᠤ ᠨᠢ ᠵᠣᠷᠢᠭᠤᠯᠵᠤ ᠨᠢᠭᠡ ᠲᠠᠩᠬᠢᠮ ᠢ ᠲᠣᠬᠢᠵᠢᠭᠤᠯᠤᠨ ᠪᠡᠯᠡᠳᠬᠡᠭᠰᠡᠨ ᠪᠠᠶᠢᠨ᠎ᠠ᠃ ᠲᠤᠰ ᠲᠥᠪ ᠨᠢ ᠴᠢᠨᠠᠭᠰᠢᠳᠠ ᠬᠠᠰᠠᠭ ᠤᠨ ᠠᠷᠠᠳ ᠲᠦᠮᠡᠨ ᠦ ᠥᠪ ᠰᠤᠶᠤᠯ᠂ ᠤᠷᠠᠨ ᠵᠣᠬᠢᠶᠠᠯ ᠢ ᠰᠤᠷᠲᠠᠯᠴᠢᠯᠠᠬᠤ᠂ ᠬᠥᠭᠵᠢᠭᠦᠯᠬᠦ᠂ ᠬᠡᠦᠬᠡᠳ ᠵᠠᠯᠠᠭᠤᠴᠤᠳ ᠲᠤ ᠪᠣᠯᠪᠠᠰᠤᠷᠠᠯ ᠣᠯᠭᠤᠬᠤ ᠳᠤ ᠳᠡᠮᠵᠢᠯᠭᠡ ᠦᠵᠡᠭᠦᠯᠬᠦ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠬᠤ ᠠᠵᠡᠢ᠃

ᠰᠡᠳᠬᠢᠭᠳᠡᠯ ᠦᠯᠡᠳᠡᠭᠡᠬᠦ