ᠭᠧᠷᠮᠠᠨ ᠳᠤ ᠵᠣᠬᠢᠶᠠᠭᠳᠠᠵᠤ ᠪᠤᠢ ᠪᠤᠤᠳᠠᠯᠭ᠎ᠠ ᠶᠢᠨ ᠠᠬᠠᠮᠠᠳ ᠮᠠᠰᠲ᠋ᠸᠷ ᠤᠳ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠠᠩᠬᠠᠳᠤᠭᠠᠷ ᠲᠡᠮᠡᠴᠡᠭᠡᠨ ᠡᠴᠡ ᠮᠣᠩᠭᠣᠯ ᠤᠨ ᠪᠠᠭ ᠲᠠᠮᠢᠷᠴᠢᠳ ᠥᠴᠥᠭᠡᠳᠦᠷ ᠭᠤᠷᠪᠠᠨ ᠠᠯᠲᠠᠨ ᠮᠧᠳᠠᠯ ᠬᠦᠷᠲᠡᠯ᠎ᠡ᠃ ᠡᠷᠡᠭᠲᠡᠶᠢᠴᠦᠳ ᠦᠨ 45-54 ᠨᠠᠰᠤᠨ ᠤ ᠠᠩᠭᠢᠯᠠᠯ ᠤᠨ 10 ᠮᠧᠲ᠋ᠷ ᠦᠨ ᠬᠡᠢ ᠶᠢᠨ ᠤᠷᠲᠤ ᠪᠤᠤ ᠶᠢᠨ ᠲᠥᠷᠥᠯ ᠳᠦ ᠣᠯᠠᠨ ᠤᠯᠤᠰ ᠤᠨ ᠬᠡᠮᠵᠢᠶᠡᠨ ᠦ ᠮᠠᠰᠲ᠋ᠸᠷ ᠼ∙ᠮᠦᠩᠬᠡᠡᠷᠳᠡᠨᠢ 244.5 ᠣᠨᠣᠭ᠎ᠠ ᠪᠠᠷ ᠠᠩᠬᠠᠨ ᠤ ᠠᠯᠲᠠᠨ ᠮᠧᠳᠠᠯ ᠤᠨ ᠡᠵᠡᠨ ᠪᠣᠯᠪᠠ᠃ ᠡᠨᠡ ᠳᠠᠰᠬᠠᠯ ᠳᠤ ᠭᠧᠷᠮᠠᠨ ᠤ ᠲᠠᠮᠢᠷᠴᠢᠨ ᠮᠥᠩᠭᠥᠨ ᠮᠧᠳᠠᠯ ᠬᠦᠷᠲᠡᠭᠰᠡᠨ ᠪᠣᠯ ᠣᠷᠣᠰ ᠤᠨ ᠲᠠᠮᠢᠷᠴᠢᠨ ᠭᠤᠷᠪᠠᠳᠤᠭᠠᠷ ᠪᠠᠶᠢᠷᠢ ᠡᠵᠡᠯᠡᠵᠡᠢ᠃
ᠡᠮᠡᠭᠲᠡᠶᠢᠴᠦᠳ ᠦᠨ 50 ᠮᠧᠲ᠋ᠷ ᠦᠨ ᠬᠡᠪᠲᠡᠭᠡ ᠳᠠᠰᠬᠠᠯ ᠳᠤ ᠨ∙ᠰᠡᠷᠡᠩᠳᠣᠯᠭᠣᠷ᠂ ᠡᠷᠡᠭᠲᠡᠶᠢᠴᠦᠳ ᠦᠨ 50 ᠮᠧᠲ᠋ᠷ ᠦᠨ ᠬᠡᠪᠲᠡᠭᠡ ᠳᠠᠰᠬᠠᠯ ᠳᠤ ᠰ∙ ᠪᠠᠲᠤᠨᠠᠰᠤᠨ ︵ᠬᠣᠶᠠᠭᠤᠯᠠ ᠪᠠᠨ 75 ᠍ ᠠᠴᠠ ᠳᠡᠭᠡᠭᠰᠢ ᠨᠠᠰᠤ︶ ᠠᠯᠲᠠᠨ ᠮᠧᠳᠠᠯ ᠬᠦᠷᠲᠡᠯ᠎ᠡ᠃ ᠶᠢᠰᠦᠳᠦᠭᠡᠷ ᠰᠠᠷ᠎ᠠ ᠶᠢᠨ 15 ᠍ ᠳᠦ ᠥᠨᠳᠥᠷᠯᠡᠬᠦ ᠲᠤᠰ ᠲᠡᠮᠡᠴᠡᠭᠡᠨ ᠳᠦ ᠮᠣᠩᠭᠣᠯ ᠤᠯᠤᠰ ᠠᠴᠠ ᠨᠡᠶᠢᠲᠡ 15 ᠠᠬᠠᠮᠠᠳ ᠪᠤᠤᠳᠠᠭᠴᠢ ᠣᠷᠣᠯᠴᠠᠵᠤ ᠪᠠᠶᠢᠭ᠎ᠠ ᠶᠤᠮ᠃