︽ᠴᠠᠬᠢᠮ᠂ ᠢᠯᠡ ᠲᠣᠳᠣ᠂ ᠦᠷ᠎ᠡ ᠠᠰᠢᠭ ᠲᠠᠢ︾ ᠪᠣᠳᠣᠯᠭ᠎ᠠ ᠪᠠᠷᠢᠮᠲᠠᠯᠠᠨ᠎ᠠ  | News.MN

︽ᠴᠠᠬᠢᠮ᠂ ᠢᠯᠡ ᠲᠣᠳᠣ᠂ ᠦᠷ᠎ᠡ ᠠᠰᠢᠭ ᠲᠠᠢ︾ ᠪᠣᠳᠣᠯᠭ᠎ᠠ ᠪᠠᠷᠢᠮᠲᠠᠯᠠᠨ᠎ᠠ 

ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠢᠶᠠᠷ  ︽ᠮᠣᠩᠭᠣᠯ ᠤᠯᠤᠰ ᠤᠨ 2020 ᠣᠨ ᠤ ᠲᠥᠰᠥᠪ ᠦᠨ ᠲᠤᠬᠠᠢ︾᠂ ︽ᠨᠡᠶᠢᠭᠡᠮ ᠤᠨ ᠳᠠᠭᠠᠳᠬᠠᠯ ᠤᠨ ᠰᠠᠩ ᠤᠨ 2020 ᠣᠨ ᠤ ᠲᠥᠰᠥᠪ ᠦᠨ ᠲᠤᠬᠠᠢ︾᠂  ︽ᠡᠷᠡᠭᠦᠯ ᠮᠡᠨᠳᠦ ᠶᠢᠨ ᠳᠠᠭᠠᠳᠬᠠᠯ ᠤᠨ ᠰᠠᠩ ᠤᠨ 2020 ᠣᠨ ᠤ ᠲᠥᠰᠥᠪ ᠦᠨ ᠲᠤᠬᠠᠢ︾᠂ ︽ᠮᠣᠩᠭᠣᠯ ᠤᠯᠤᠰ ᠤᠨ ᠨᠢᠭᠡᠳᠦᠭᠰᠡᠨ ᠲᠥᠰᠥᠪ ᠦᠨ 2020 ᠣᠨ ᠤ ᠲᠥᠰᠥᠪ ᠦᠨ ᠬᠦᠷᠢᠶᠡᠨ ᠦ ᠮᠡᠳᠡᠭᠳᠡᠯ︾᠂ ︽2021-2022 ᠣᠨ ᠤ ᠲᠥᠰᠥᠪ ᠦᠨ ᠲᠥᠰᠥᠭᠡᠯᠡᠯ ᠦᠨ ᠲᠤᠬᠠᠢ ᠬᠠᠤᠯᠢ ᠳᠤ ᠥᠭᠡᠷᠡᠴᠢᠯᠡᠯᠲᠡ ᠤᠷᠤᠭᠤᠯᠬᠤ ᠲᠤᠬᠠᠢ︾ ᠲᠥᠰᠥᠯ ᠦᠳ ᠢ ᠬᠡᠯᠡᠯᠴᠡᠨ ᠳᠡᠮᠵᠢᠭᠡᠳ᠂ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ ᠪᠡᠷ ᠲᠣᠭᠲᠠᠪᠠ᠃ ᠥᠩᠭᠡᠷᠡᠭᠰᠡᠨ ᠵᠢᠯ ᠦᠳ ᠲᠦ ᠵᠠᠰᠠᠭ ᠤᠨ ᠭᠠᠵᠠᠷ ᠠᠴᠠ ᠠᠪᠴᠤ ᠬᠡᠷᠡᠭᠵᠢᠭᠦᠯᠦᠭᠰᠡᠨ ᠡᠳ᠋ ᠍ ᠦᠨ ᠵᠠᠰᠠᠭ ᠤᠨ ᠥᠰᠦᠯᠲᠡ ᠶᠢ ᠰᠡᠷᠭᠦᠭᠡᠬᠦ᠂ ᠲᠥᠰᠥᠪ ᠰᠠᠩᠬᠦᠦ ᠶᠢᠨ ᠣᠷᠴᠢᠨ ᠢ ᠡᠷᠡᠭᠦᠯᠵᠢᠭᠦᠯᠬᠦ᠂ ᠰᠠᠬᠢᠯᠭ᠎ᠠ ᠪᠠᠲᠤ ᠶᠢ ᠴᠢᠩᠭᠠᠳᠬᠠᠬᠤ᠂ ᠴᠠᠬᠢᠮ᠂ ᠢᠯᠡ ᠲᠣᠳᠣ᠂ ᠦᠷ᠎ᠡ ᠠᠰᠢᠭ ᠲᠠᠢ ᠲᠥᠰᠥᠪ ᠦᠨ ᠪᠣᠳᠣᠯᠭ᠎ᠠ ᠶᠢᠨ  ᠳ᠋ᠦᠩ ᠳᠦ ᠡᠳ᠋ ᠍ ᠦᠨ ᠵᠠᠰᠠᠭ ᠤᠨ ᠥᠰᠦᠯᠲᠡ 2018 ᠣᠨ ᠳᠤ 7.2 ᠬᠤᠪᠢ ᠳᠤ ᠬᠦᠷᠴᠡᠢ᠃ 2019 ᠣᠨ ᠤ ᠬᠦᠯᠢᠶᠡᠭᠳᠡᠵᠦ ᠪᠤᠢ ᠭᠦᠢᠴᠡᠳᠬᠡᠯ ᠢᠶᠡᠷ ᠰᠡᠭᠦᠯ ᠦᠨ ᠳᠥᠷᠪᠡᠨ ᠵᠢᠯ ᠦᠨ ᠬᠤᠭᠤᠴᠠᠭᠠᠨ ᠳ᠋ᠡᠬᠢ ᠬᠠᠮᠤᠭ ᠤᠨ ᠥᠨᠳᠥᠷ ᠥᠰᠦᠯᠲᠡ ᠪᠤᠶᠤ 8 ᠬᠤᠪᠢ ᠳᠤ ᠬᠦᠷᠬᠦ ᠪᠡᠷ ᠪᠠᠶᠢᠭ᠎ᠠ ᠠᠵᠢ᠃ ᠨᠢᠭᠡᠳᠦᠭᠰᠡᠨ ᠲᠥᠰᠥᠪ 27.8 ᠲᠡᠷᠪᠤᠮ ᠲᠥᠭᠥᠷᠢᠭ ᠦᠨ  ᠠᠰᠢᠭ ᠲᠠᠢ ᠭᠠᠷᠬᠤ ᠲᠦᠯᠦᠪ ᠲᠠᠢ ᠪᠠᠶᠢᠨ᠎ᠠ᠃
ᠢᠷᠡᠬᠦ ᠣᠨ ᠳᠤ ᠴᠠᠬᠢᠮ᠂ ᠢᠯᠡ ᠲᠣᠳᠣ᠂ ᠦᠷ᠎ᠡ ᠠᠰᠢᠭ ᠲᠠᠢ ᠲᠥᠰᠥᠪ ᠦᠨ ᠪᠣᠳᠣᠯᠭ᠎ᠠ ᠶᠢ ᠡᠳ᠋ ᠍ ᠦᠨ ᠵᠠᠰᠠᠭ ᠤᠨ ᠲᠣᠭᠲᠠᠪᠤᠷᠢᠲᠠᠢ ᠥᠰᠦᠯᠲᠡ ᠶᠢ ᠳᠡᠮᠵᠢᠬᠦ ᠴᠢᠭᠯᠡᠯ ᠳᠦ ᠦᠷᠭᠦᠯᠵᠢᠭᠦᠯᠵᠦ᠂ ᠳᠠᠷᠠᠭᠠᠬᠢ ᠵᠠᠷᠴᠢᠮ ᠢ ᠪᠠᠷᠢᠮᠲᠠᠯᠠᠵᠤ ᠠᠵᠢᠯᠯᠠᠨ᠎ᠠ᠃ ᠲᠥᠰᠥᠪ ᠦᠨ ᠰᠠᠬᠢᠯᠭ᠎ᠠ ᠪᠠᠲᠤ ᠶᠢ ᠲᠤᠤᠱᠲᠠᠢ ᠦᠷᠭᠦᠯᠵᠢᠯᠡᠭᠦᠯᠵᠦ᠂ ᠠᠯᠳᠠᠭᠳᠠᠯ ᠢ ᠦᠶ᠎ᠡ ᠱᠠᠲᠤ ᠲᠠᠢ ᠪᠠᠭᠤᠷᠠᠭᠤᠯᠬᠤ᠂ ᠪᠢᠽᠢᠨᠧᠰ ᠬᠥᠷᠥᠩᠭᠡ ᠣᠷᠣᠭᠤᠯᠤᠯᠲᠠ᠂ ᠬᠥᠳᠡᠯᠮᠦᠷᠢ ᠡᠷᠬᠢᠯᠡᠯᠲᠡ ᠶᠢ ᠳᠡᠮᠵᠢᠭᠰᠡᠨ ᠲᠠᠲᠠᠪᠤᠷᠢ ᠶᠢᠨ ᠬᠠᠤᠯᠢ ᠶᠢᠨ ᠰᠢᠨᠡᠴᠢᠯᠡᠯ ᠬᠢᠨ᠎ᠡ᠃ ᠭᠠᠶᠢᠯᠢ ᠶᠢᠨ ᠰᠢᠨᠡᠴᠢᠯᠡᠯᠲᠡ ᠶᠢ ᠳᠠᠭᠤᠰᠬᠠᠭᠰᠠᠨ ᠢᠶᠠᠷ ᠭᠠᠳᠠᠭᠠᠳᠤ ᠬᠤᠳᠠᠯᠳᠤᠭᠠᠨ ᠤ ᠡᠷᠭᠢᠯᠲᠡ ᠶᠢ ᠨᠡᠮᠡᠭᠳᠡᠭᠦᠯᠵᠦ᠂ ᠪᠠᠶᠢᠭᠠᠯᠢ ᠶᠢᠨ ᠪᠠᠶᠠᠯᠢᠭ ᠤᠨ ᠲᠠᠲᠠᠪᠤᠷᠢ ᠬᠤᠷᠢᠶᠠᠯᠲᠠ ᠶᠢ ᠰᠠᠶᠢᠵᠢᠷᠠᠭᠤᠯᠤᠨ᠎ᠠ᠃ ᠡᠮᠦᠨᠡᠬᠢ ᠵᠢᠯ ᠦᠳ ᠲᠦ ᠡᠬᠢᠯᠡᠭᠦᠯᠦᠭᠰᠡᠨ ᠬᠥᠷᠥᠩᠭᠡ ᠣᠷᠣᠭᠤᠯᠤᠯᠲᠠ ᠶᠢᠨ ᠠᠵᠢᠯ ᠤᠳ ᠢ ᠪᠦᠷᠢᠨ ᠳᠠᠭᠤᠰᠬᠠᠵᠤ᠂ ᠨᠡᠶᠢᠭᠡᠮ ᠳᠦ ᠲᠤᠯᠭᠠᠮᠳᠠᠭᠰᠠᠨ ᠲᠥᠰᠥᠯ ᠬᠥᠲᠥᠯᠪᠦᠷᠢ ᠨᠦᠭᠦᠳ ᠢ ᠡᠬᠢᠯᠡᠭᠦᠬᠦ ᠵᠠᠷᠴᠢᠮ ᠪᠠᠷᠢᠮᠲᠠᠯᠠᠵᠤ ᠠᠵᠢᠯᠯᠠᠨ᠎ᠠ ᠭᠡᠪᠡ᠃

ᠰᠡᠳᠬᠢᠭᠳᠡᠯ ᠦᠯᠡᠳᠡᠭᠡᠬᠦ