ᠵᠠᠷᠢᠮ ᠪᠣᠭᠣᠮᠲᠠ ᠶᠢ ᠰᠢᠨ᠎ᠡ ᠪᠡᠷ  ᠪᠠᠶᠢᠭᠤᠯᠤᠨ᠎ᠠ  | News.MN

ᠵᠠᠷᠢᠮ ᠪᠣᠭᠣᠮᠲᠠ ᠶᠢ ᠰᠢᠨ᠎ᠡ ᠪᠡᠷ  ᠪᠠᠶᠢᠭᠤᠯᠤᠨ᠎ᠠ 

ᠮᠣᠩᠭᠣᠯ ᠬᠢᠲᠠᠳ ᠤᠨ ᠬᠢᠯᠢ ᠶᠢᠨ ᠪᠣᠭᠣᠮᠲᠠ ᠶᠢᠨ ᠮᠧᠨᠧᠵᠮᠧᠨᠲ ᠦᠨ ᠬᠠᠮᠲᠤ ᠶᠢᠨ ᠠᠵᠢᠯᠯᠠᠭᠠᠨ ᠤ ᠺᠣᠮᠢᠰ ᠤᠨ ᠭᠤᠷᠪᠠᠳᠤᠭᠠᠷ ᠬᠤᠷᠠᠯᠳᠤᠭᠠᠨ 2019 ᠣᠨ ᠤ ᠶᠢᠰᠦᠳᠦᠭᠡᠷ ᠰᠠᠷ᠎ᠠ ᠶᠢᠨ 9-10 ᠍ ᠤ ᠡᠳᠦᠷ ᠤᠯᠠᠭᠠᠨᠪᠠᠭᠠᠲᠤᠷ  ᠬᠤᠲᠠ ᠳᠤ ᠵᠣᠬᠢᠶᠠᠨ ᠪᠠᠶᠢᠭᠤᠯᠤᠭᠳᠠᠯ᠎ᠠ᠃ ᠬᠤᠷᠠᠯᠳᠤᠭᠠᠨ ᠢᠶᠠᠷ ᠴᠠᠭᠠᠨᠳᠡᠯ ᠠᠭᠤᠯᠠ-ᠥᠯᠵᠡᠢ ᠪᠣᠭᠣᠮᠲᠠ᠂ ᠡᠷᠢᠶᠡᠨ ᠪᠣᠭᠣᠮᠲᠠ ᠶᠢᠨ ᠠᠴᠢᠶᠠᠯᠠᠯ᠂ ᠮᠣᠩᠭᠣᠯ ᠬᠢᠲᠠᠳ ᠤᠨ ᠲᠡᠭᠡᠭᠡᠪᠦᠷᠢ ᠶᠢᠨ ᠬᠡᠷᠡᠭᠰᠡᠯ ᠢ ᠬᠢᠯᠢ ᠪᠡᠷ ᠰᠢᠯᠭᠠᠨ ᠨᠡᠪᠲᠡᠷᠡᠭᠦᠯᠬᠦ ᠴᠢᠳᠠᠪᠬᠢ ᠶᠢ ᠡᠷᠴᠢᠮᠵᠢᠭᠦᠯᠬᠦ ᠵᠡᠷᠭᠡ ᠨᠡᠶᠢᠲᠡ 22 ᠠᠰᠠᠭᠤᠳᠠᠯ ᠢ ᠬᠡᠯᠡᠯᠴᠡᠭᠰᠡᠨ ᠪᠠᠶᠢᠨ᠎ᠠ᠃ ᠭᠠᠶᠢᠯᠢ ᠶᠢᠨ ᠶᠡᠷᠦᠩᠬᠡᠢ ᠭᠠᠵᠠᠷ ᠤᠨ ᠳᠠᠷᠤᠭ᠎ᠠ ᠪ∙ᠠᠰᠠᠷᠠᠯᠲᠤ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠭᠠᠶᠢᠯᠢ ᠶᠢᠨ ᠶᠡᠷᠦᠩᠬᠡᠢ ᠭᠠᠵᠠᠷ ᠤᠨ ᠳᠡᠳ᠋ ᠰᠠᠶᠢᠳ᠂ ᠦᠨᠳᠦᠰᠦᠨ ᠦ ᠪᠣᠭᠣᠮᠲᠠ ᠶᠢᠨ ᠵᠠᠬᠢᠷᠭᠠᠨ ᠤ ᠳᠠᠷᠤᠭ᠎ᠠ ᠬᠤ᠋ ᠸᠸᠢ ᠨᠠᠷ ᠥᠴᠥᠭᠡᠳᠦᠷ ᠠᠭᠤᠯᠵᠠᠵᠤ᠂ ᠬᠣᠶᠠᠷ ᠲᠠᠯ᠎ᠠ ᠶᠢᠨ ᠺᠣᠮᠢᠰ ᠤᠨ ᠬᠤᠷᠠᠯᠳᠤᠭᠠᠨ ᠤ ᠦᠷ᠎ᠡ  ᠳ᠋ᠦᠩ ᠢ ᠬᠡᠯᠡᠯᠴᠡᠵᠦ᠂ ᠬᠤᠷᠠᠯ ᠤᠨ ᠫᠷᠣᠲ᠋ᠣᠺᠣᠯ ᠳᠤ ᠭᠠᠷ ᠤᠨ ᠦᠰᠦᠭ ᠵᠢᠷᠤᠪᠠ᠃
ᠲᠠᠯ᠎ᠠ ᠨᠤᠭᠤᠳ ᠮᠣᠩᠭᠣᠯ ᠬᠢᠲᠠᠳ ᠤᠨ ᠬᠢᠯᠢ ᠶᠢᠨ ᠪᠣᠭᠣᠮᠲᠠ ᠶᠢᠨ ᠬᠠᠮᠲᠤᠷᠠᠭᠰᠠᠨ ᠰᠢᠯᠭᠠᠯᠲᠠ ᠶᠢ ᠠᠮᠵᠢᠯᠲᠠ ᠲᠠᠢ ᠵᠣᠬᠢᠶᠠᠨ ᠪᠠᠶᠢᠭᠤᠯᠵᠤ᠂ ᠪᠤᠭᠤᠮᠳᠠ ᠳᠤ ᠲᠤᠯᠭᠠᠷᠠᠵᠤ ᠪᠤᠢ ᠠᠰᠠᠭᠤᠳᠠᠯ ᠢ ᠭᠠᠵᠠᠷ ᠳᠡᠭᠡᠷ᠎ᠡ ᠨᠢ ᠰᠢᠢᠳᠪᠦᠷᠢᠯᠡᠭᠰᠡᠨ ᠨᠢ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠳᠦ ᠲᠣᠮᠣᠬᠠᠨ ᠠᠬᠢᠴᠠ ᠠᠪᠴᠢᠷᠠᠭᠰᠠᠨ ᠢ ᠣᠨᠴᠠᠯᠠᠨ ᠲᠡᠮᠳᠡᠭᠯᠡᠭᠰᠡᠨ ᠶᠤᠮ᠃ ᠴᠢᠨᠠᠭᠰᠢᠳᠠ ᠵᠠᠷᠢᠮ ᠪᠤᠭᠤᠮᠳᠠ ᠳᠤ ᠮᠣᠩᠭᠣᠯ ᠤᠯᠤᠰ ᠠᠴᠠ ᠭᠠᠷᠭᠠᠵᠤ ᠪᠠᠶᠢᠭ᠎ᠠ ᠨᠡᠭᠦᠷᠡᠰᠦᠨ ᠦ ᠡᠺᠰᠫᠣᠷᠲ ᠢ ᠨᠡᠮᠡᠭᠳᠡᠭᠦᠯᠬᠦ ᠳᠦ ᠬᠦᠴᠦᠨ ᠴᠢᠷᠮᠠᠶᠢᠯᠲᠠ ᠭᠠᠷᠭᠠᠨ ᠠᠵᠢᠯᠯᠠᠬᠤ᠂ ᠪᠣᠭᠣᠮᠲᠠ ᠶᠢᠨ ᠬᠥᠭᠵᠢᠯ᠂ ᠵᠠᠷᠢᠮ ᠠᠦ᠋ᠲ᠋ᠣ᠋ ᠵᠠᠮ ᠤᠨ ᠪᠣᠭᠣᠮᠲᠠ ᠶᠢ ᠰᠢᠨ᠎ᠡ ᠪᠡᠷ ᠪᠠᠶᠢᠭᠤᠯᠬᠤ᠂ ᠲᠡᠮᠦᠷ ᠵᠠᠮ ᠤᠨ ᠪᠣᠭᠣᠮᠲᠠ ᠪᠣᠯᠤᠨ ᠪᠤᠰᠤᠳ ᠪᠣᠭᠣᠮᠲᠠ ᠶᠢ ᠦᠷᠭᠡᠵᠢᠭᠦᠯᠦᠨ ᠬᠥᠭᠵᠢᠭᠦᠯᠬᠦ ᠵᠡᠷᠭᠡ ᠣᠯᠠᠨ ᠴᠢᠬᠤᠯᠠ ᠠᠰᠠᠭᠤᠳᠠᠯ ᠳᠤ ᠲᠠᠯ᠎ᠠ ᠨᠤᠭᠤᠳ ᠨᠢᠭᠡᠳᠦᠭᠰᠡᠨ ᠤᠶᠢᠯᠠᠭᠠᠯᠲᠠ ᠳᠤ ᠬᠦᠷᠴᠦ ᠬᠠᠮᠲᠤᠷᠠᠨ ᠠᠵᠢᠯᠯᠠᠬᠤ ᠪᠠᠷ ᠪᠣᠯᠤᠯ᠎ᠠ᠃

ᠰᠡᠳᠬᠢᠭᠳᠡᠯ ᠦᠯᠡᠳᠡᠭᠡᠬᠦ