ᠠᠽᠢᠶ᠎ᠠ ᠶᠢᠨ ᠬᠤᠳᠠᠯᠳᠤᠭ᠎ᠠ ᠶᠢ ᠳᠡᠮᠵᠢᠬᠦ 32 ᠳᠠᠬᠢ ᠴᠢᠭᠤᠯᠭᠠᠨ ᠪᠣᠯᠤᠨ᠎ᠠ  | News.MN

ᠠᠽᠢᠶ᠎ᠠ ᠶᠢᠨ ᠬᠤᠳᠠᠯᠳᠤᠭ᠎ᠠ ᠶᠢ ᠳᠡᠮᠵᠢᠬᠦ 32 ᠳᠠᠬᠢ ᠴᠢᠭᠤᠯᠭᠠᠨ ᠪᠣᠯᠤᠨ᠎ᠠ 

ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠨᠢ ᠠᠽᠢᠶ᠎ᠠ ᠶᠢᠨ ᠬᠤᠳᠠᠯᠳᠤᠭ᠎ᠠ ᠶᠢ ᠳᠡᠮᠵᠢᠬᠦ ᠪᠠᠶᠢᠭᠤᠯᠤᠯᠭ᠎ᠠ ᠪᠤᠶᠤ ATPF ︵Asian Trade Promotion Forum︶᠍

ᠤᠨ ᠭᠡᠰᠢᠭᠦᠨ ᠪᠠᠶᠢᠭᠤᠯᠤᠯᠭ᠎ᠠ ᠶᠢᠨ ᠬᠤᠪᠢ ᠳᠤ ᠡᠨᠡ ᠰᠠᠷ᠎ᠠ ᠶᠢᠨ ᠰᠠᠷ᠎ᠠ ᠶᠢᠨ 12 ᠍ ᠳᠦ ᠪᠤᠶᠤ ᠮᠠᠷᠭᠠᠰᠢ ᠤᠯᠠᠭᠠᠨᠪᠠᠭᠠᠲᠤᠷ ᠬᠤᠲᠠ ᠳᠤ ᠲᠤᠰ ᠪᠠᠶᠢᠭᠤᠯᠤᠯᠭ᠎ᠠ ᠶᠢᠨ ᠤᠳᠤᠷᠢᠳᠤᠯᠭ᠎ᠠ ᠶᠢᠨ ᠲᠦᠪᠰᠢᠨ ᠦ 32 ᠳᠠᠬᠢ ᠤᠳᠠᠭ᠎ᠠ ᠶᠢᠨ ᠴᠢᠭᠤᠯᠭ᠎ᠠ ᠠᠭᠤᠯᠵᠠᠯᠲᠠ ᠶᠢ ᠭᠠᠳᠠᠭᠠᠳᠤ ᠬᠠᠷᠢᠯᠴᠠᠭᠠᠨ ᠤ ᠶᠠᠮᠤᠨ ᠲᠠᠢ ᠬᠠᠮᠲᠤᠷᠠᠨ ᠵᠣᠬᠢᠶᠠᠨ ᠪᠠᠶᠢᠭᠤᠯᠬᠤ ᠭᠡᠵᠦ ᠪᠠᠶᠢᠨ᠎ᠠ᠃ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠨᠢ ᠠᠽᠢᠶ᠎ᠠ ᠶᠢᠨ ᠬᠤᠳᠠᠯᠳᠤᠭ᠎ᠠ ᠶᠢ ᠳᠡᠮᠵᠢᠬᠦ ᠪᠠᠶᠢᠭᠤᠯᠤᠯᠭ᠎ᠠ ᠶᠢᠨ ᠠᠭᠤᠯᠵᠠᠯᠲᠠ ᠶᠢ  ᠭᠤᠷᠪᠠᠳᠠᠬᠢ ᠤᠳᠠᠭ᠎ᠠ ᠪᠠᠨ ᠵᠣᠬᠢᠶᠠᠨ ᠪᠠᠶᠢᠭᠤᠯᠵᠤ ᠪᠠᠶᠢᠭ᠎ᠠ ᠶᠤᠮ᠃ ᠡᠮᠦᠨᠡᠬᠢ ᠠᠭᠤᠯᠵᠠᠯᠲᠠ ᠨᠤᠭᠤᠳ ᠨᠢ 1995᠂ 2014 ᠣᠨ ᠨᠤᠭᠤᠳ ᠲᠤ ᠮᠣᠩᠭᠣᠯ ᠤᠯᠤᠰ ᠲᠤ ᠵᠣᠬᠢᠶᠠᠨ ᠪᠠᠶᠢᠭᠤᠯᠤᠭᠳᠠᠵᠤ ᠪᠠᠶᠢᠭᠰᠠᠨ ᠤᠳᠠᠭ᠎ᠠ ᠲᠠᠢ᠃
ᠡᠨᠡ ᠵᠢᠯ ᠦᠨ ᠴᠢᠭᠤᠯᠭ᠎ᠠ ᠠᠭᠤᠯᠵᠠᠯᠲᠠ ᠨᠢ ︽ᠣᠯᠠᠨ ᠤᠯᠤᠰ ᠤᠨ ᠲᠦᠪᠰᠢᠨ ᠳᠦ ᠵᠢᠵᠢᠭ᠂ ᠳᠤᠮᠳᠠ  ᠪᠢᠽᠢᠨᠧᠰ ᠡᠷᠬᠢᠯᠡᠭᠴᠢᠳ ᠢ ᠨᠡᠮᠡᠭᠦᠦ ᠥᠷᠲᠡᠭ ᠦᠨ ᠰᠦᠯᠵᠢᠶᠡᠨ ᠳᠦ ᠬᠣᠯᠪᠣᠬᠤ ᠳᠤ ᠠᠽᠢᠶ᠎ᠠ ᠶᠢᠨ ᠬᠤᠳᠠᠯᠳᠤᠭ᠎ᠠ ᠶᠢ ᠳᠡᠮᠵᠢᠬᠦ ᠪᠠᠶᠢᠭᠤᠯᠤᠯᠭ᠎ᠠ ᠨᠤᠭᠤᠳ ᠤᠨ ᠡᠭᠦᠷᠭᠡ ᠣᠷᠣᠯᠴᠠᠭ᠎ᠠ︾ ᠰᠡᠳᠦᠪ ᠦᠨ ᠬᠦᠷᠢᠶᠡᠨ ᠳᠦ  ᠦᠷᠨᠢᠬᠦ ᠠᠵᠠᠢ᠃ ᠴᠢᠭᠤᠯᠭᠠᠨ ᠳᠤ 17 ᠤᠯᠤᠰ ᠤᠨ 50 ᠣᠷᠴᠢᠮ ᠵᠣᠴᠢᠳ ᠲᠥᠯᠥᠭᠡᠯᠡᠭᠴᠢ ᠤᠷᠤᠯᠴᠠᠬᠤ ᠪᠥᠭᠡᠳ ᠮᠣᠩᠭᠣᠯ ᠤᠯᠤᠰ ᠢ ᠲᠥᠯᠥᠭᠡᠯᠡᠨ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠨ ᠶᠡᠷᠦᠩᠬᠡᠶᠢᠯᠡᠭᠴᠢ ᠣ᠂ ᠠᠮᠤᠷᠲᠦ᠋ᠪᠰᠢᠨ ︽ᠵᠢᠵᠢᠭ ᠳᠤᠮᠳᠠ ᠦᠢᠯᠡᠳᠪᠦᠷᠢ ᠵᠢᠵᠢᠭ ᠳᠤᠮᠳᠠ ᠪᠢᠽᠢᠨᠧᠰ ᠡᠷᠬᠢᠯᠡᠭᠴᠢᠳ ᠢ ᠨᠡᠮᠡᠭᠦᠦ ᠥᠷᠲᠡᠭ ᠦᠨ ᠰᠦᠯᠵᠢᠶᠡᠨ ᠳᠦ ᠬᠣᠯᠪᠣᠬᠤ ᠳᠤ ᠠᠽᠢᠶ᠎ᠠ ᠶᠢᠨ ᠬᠤᠳᠠᠯᠳᠤᠭ᠎ᠠ ᠶᠢ ᠳᠡᠮᠵᠢᠬᠦ ᠪᠠᠶᠢᠭᠤᠯᠤᠯᠭ᠎ᠠ ᠨᠤᠭᠤᠳ ᠤᠨ ᠡᠭᠦᠷᠭᠡ︾ ᠰᠡᠳᠦᠪ ᠢᠶᠡᠷ᠂ ᠬᠠᠷᠢᠨ ᠭᠠᠳᠠᠭᠠᠳᠤ ᠬᠠᠷᠢᠯᠴᠠᠭᠠᠨ᠍ ᠤ ᠶᠠᠮᠤᠨ ᠤ ᠭᠠᠳᠠᠭᠠᠳᠤ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠭᠠᠵᠠᠷ ᠤᠨ ᠵᠠᠬᠢᠷᠤᠯ ᠸ∙ᠡᠩᠬᠡᠪᠣᠯᠤᠳ  ︽ᠠᠽᠢᠶ᠎ᠠ ᠳ᠋ᠡᠬᠢ ᠬᠤᠳᠠᠯᠳᠤᠭ᠎ᠠ ᠬᠥᠩᠭᠡᠪᠴᠢᠯᠡᠯ ᠪᠣᠯᠤᠨ ᠪᠥᠰᠡ ᠨᠤᠲᠤᠭ ᠤᠨ ᠬᠠᠮᠲᠤ ᠶᠢᠨ ᠠᠵᠢᠯᠯᠠᠭ᠎ᠠ︾ ᠰᠡᠳᠦᠪ ᠢᠶᠡᠷ ᠲᠤᠰ ᠲᠤᠰ ᠢᠯᠡᠳᠬᠡᠯ ᠬᠡᠯᠡᠯᠴᠡᠭᠦᠯᠬᠦ ᠪᠡᠷ ᠪᠣᠯᠵᠠᠢ᠃

ᠰᠡᠳᠬᠢᠭᠳᠡᠯ ᠦᠯᠡᠳᠡᠭᠡᠬᠦ