ᠽᠠᠨᠳᠠᠨᠰᠢᠲᠠᠷ᠎ᠠ ᠨᠣᠮ ᠤᠨ ᠪᠠᠶᠠᠷ ᠲᠤ ᠤᠷᠤᠯᠴᠠᠯ᠎ᠠ | News.MN

ᠽᠠᠨᠳᠠᠨᠰᠢᠲᠠᠷ᠎ᠠ ᠨᠣᠮ ᠤᠨ ᠪᠠᠶᠠᠷ ᠲᠤ ᠤᠷᠤᠯᠴᠠᠯ᠎ᠠ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭᠣᠮᠪᠣᠵᠠᠪ ᠤᠨ ᠽᠠᠨᠳᠠᠨᠰᠢᠲᠠᠷ᠎ᠠ ᠶᠢᠨ ᠢᠪᠡᠭᠡᠯ ᠳᠣᠣᠷ᠎ᠠ ᠵᠣᠬᠢᠶᠠᠨ ᠪᠠᠶᠢᠭᠤᠯᠤᠭᠳᠠᠵᠤ ᠪᠤᠢ 26 ᠳ᠋ᠡᠬᠢ ᠤᠳᠠᠭ᠎ᠠ ᠶᠢᠨ ︽ᠦᠨᠳᠦᠰᠦᠨ ᠦ ᠨᠣᠮ ᠤᠨ ᠪᠠᠶᠠᠷ-2019︾ ᠥᠨᠥᠳᠥᠷ ︵2019.09.14︶ ᠰᠦᠬᠡᠪᠠᠭᠠᠲᠤᠷ ᠤᠨ ᠲᠠᠯᠠᠪᠠᠢ ᠳᠤ ︽ᠨᠣᠮ ᠪᠣᠯ ᠵᠠᠮ︾ ᠤᠷᠢᠶ᠎ᠠ ᠲᠠᠢ ᠪᠠᠷ ᠨᠡᠭᠡᠭᠡᠯᠲᠡ ᠪᠡᠨ ᠬᠢᠯ᠎ᠡ᠃ ᠬᠣᠶᠠᠷ ᠡᠳᠦᠷ ᠦᠨ ᠲᠤᠷᠰᠢ ᠦᠷᠭᠦᠯᠵᠢᠯᠡᠬᠦ ᠡᠨᠡᠬᠦ ᠨᠣᠮ ᠤᠨ ᠪᠠᠶᠠᠷ ᠢ ᠵᠢᠯ ᠪᠦᠷᠢ ᠶᠢᠨ ᠬᠠᠪᠤᠷ᠂ ᠨᠠᠮᠤᠷ ᠵᠣᠬᠢᠶᠠᠨ ᠪᠠᠶᠢᠭᠤᠯᠳᠠᠭ ᠤᠯᠠᠮᠵᠢᠯᠠᠯ ᠲᠣᠭᠲᠠᠭᠠᠳ  ᠬᠡᠳᠦᠶᠢᠨ 13 ᠵᠢᠯ ᠪᠣᠯᠵᠠᠢ᠃
ᠤᠯᠤᠰ ᠤᠨ ᠶᠡᠬᠡ ᠬᠤᠷᠠᠯ ᠤᠨ ᠳᠠᠷᠤᠭ᠎ᠠ ᠭᠣᠮᠪᠣᠵᠠᠪ ᠤᠨ ᠽᠠᠨᠳᠠᠨᠰᠢᠲᠠᠷ᠎ᠠ ᠪᠠᠶᠠᠷ ᠢ ᠨᠡᠭᠡᠭᠡᠵᠦ ᠬᠡᠯᠡᠭᠰᠡᠨ ᠦᠭᠡᠨ ᠳᠦ ᠪᠡᠨ᠄ ᠨᠣᠮ ᠤᠨ ᠪᠠᠶᠠᠷ ᠬᠢᠬᠦ ᠰᠠᠨᠠᠭᠠᠴᠢᠯᠠᠭ᠎ᠠ ᠨᠢ ᠮᠠᠨ ᠤ ᠨᠡᠶᠢᠭᠡᠮ ᠳᠦ ᠨᠣᠮ ᠤᠩᠰᠢᠬᠤ ᠰᠤᠶᠤᠯ ᠢ ᠳᠡᠯᠭᠡᠷᠡᠭᠦᠯᠬᠦ ᠳᠦ ᠴᠢᠬᠤᠯᠠ ᠳᠡᠮᠵᠢᠯᠭᠡ ᠪᠣᠯᠵᠤ ᠢᠷᠡᠭᠰᠡᠨ᠃ ᠨᠣᠮ ᠤᠩᠰᠢᠭᠰᠠᠨ ᠢᠶᠠᠷ ᠮᠡᠳᠡᠯᠭᠡ ᠪᠡᠨ ᠲᠡᠯᠡᠬᠦ ᠡᠴᠡ ᠭᠠᠳᠠᠨ᠎ᠠ ᠰᠠᠨᠠᠭ᠎ᠠ ᠪᠣᠳᠣᠯ ᠢᠶᠠᠨ ᠰᠤᠯᠢᠯᠴᠠᠬᠤ᠂ ᠪᠡᠶ᠎ᠡ ᠪᠡᠶ᠎ᠡ ᠪᠡᠨ ᠣᠶᠢᠯᠠᠭᠠᠵᠤ ᠮᠡᠳᠡᠬᠦ ᠳᠦ ᠶᠡᠬᠡᠬᠡᠨ ᠲᠤᠰᠠᠲᠠᠢ ᠃ ︽ᠨᠣᠮ ᠪᠣᠯ ᠶᠢᠷᠲᠢᠨᠴᠦ ᠶᠢ ᠬᠠᠷᠠᠬᠤ ᠴᠣᠩᠬᠣ︾ ᠭᠡᠵᠦ ᠮ∙ᠭᠣᠷᠺᠢ ᠬᠡᠯᠡᠭᠰᠡᠨ ᠪᠠᠶᠢᠳᠠᠭ᠃ ᠡᠨᠡ ᠴᠣᠩᠬᠣ ᠣᠷᠴᠢᠨ ᠴᠠᠭ ᠲᠤ ᠤᠯᠠᠮ ᠲᠤᠮᠤᠷᠠᠵᠤ ᠪᠠᠶᠢᠨ᠎ᠠ᠃ ᠮᠢᠨᠦ ᠪᠡᠶ᠎ᠡ ᠡᠨᠡ ᠰᠠᠨᠠᠭᠠᠴᠢᠯᠭ᠎ᠠ ᠶᠢ ᠳᠡᠮᠵᠢᠬᠦ ᠪᠣᠯᠤᠭᠰᠠᠨ ᠭᠤᠷᠪᠠᠨ ᠰᠢᠯᠲᠠᠭᠠᠨ ᠪᠠᠶᠢᠭ᠎ᠠ ᠶᠤᠮ᠃ ᠨᠢᠭᠡᠳᠦᠭᠡᠷ ᠲᠦ᠂ ᠰᠡᠭᠦᠯ ᠦᠨ ᠵᠢᠯ ᠦᠳ ᠲᠦ ᠮᠣᠩᠭᠣᠯᠴᠤᠳ ᠨᠣᠮ ᠮᠠᠰᠢ ᠪᠠᠭ᠎ᠠ ᠤᠩᠰᠢᠳᠠᠭ ᠪᠣᠯᠵᠤ᠂ ᠴᠡᠭᠴᠡᠲᠡᠢ ᠮᠡᠳᠡᠭᠡᠯᠡᠯ ᠢ ᠣᠯᠵᠤ ᠴᠢᠳᠠᠬᠤ ᠪᠠᠨ ᠪᠣᠯᠢᠭᠰᠠᠨ ᠪᠠᠶᠢᠨ᠎ᠠ᠃ ᠡᠭᠦᠨ ᠢᠶᠠᠨ ᠳᠠᠭᠠᠭᠠᠳ ᠨᠣᠮ ᠤᠨ ᠪᠣᠷᠣᠯᠠᠭᠤᠯᠤᠯᠲᠠ ᠮᠠᠭᠤᠳᠠᠵᠤ ᠪᠠᠶᠢᠭ᠎ᠠ᠃ ᠬᠣᠶᠠᠳᠤᠭᠠᠷ ᠲᠤ᠂ ᠴᠠᠭ ᠦᠶ᠎ᠡ ᠡᠷᠴᠢᠮᠲᠡᠢ ᠥᠭᠡᠷᠡᠴᠢᠯᠡᠭᠳᠡᠵᠦ ᠪᠠᠶᠢᠨ᠎ᠠ᠃ ᠠᠵᠤ ᠦᠢᠯᠡᠳᠪᠦᠷᠢ ᠶᠢᠨ ᠳᠦᠷᠪᠡᠳᠦᠭᠡᠷ ᠬᠤᠪᠢᠰᠬᠠᠯ ᠡᠬᠢᠯᠡᠭᠰᠡᠨ ᠡᠨᠡ ᠮᠥᠴᠡ ᠳᠦ ᠳᠡᠯᠡᠬᠡᠢ ᠶᠢᠨ ᠨᠥᠯᠥᠭᠡ ᠪᠦᠬᠦᠢ ᠺᠣᠮᠫᠠᠨᠢ ᠨᠤᠭᠤᠳ ᠳ᠋ᠢᠫᠯᠣᠮ ᠢ ᠪᠢᠰᠢ᠂ ᠬᠡᠨ ᠰᠠᠶᠢᠨ ᠤᠩᠰᠢᠵᠤ᠂ ᠥᠪᠡᠷ ᠢ ᠪᠡᠨ ᠬᠥᠭᠵᠢᠭᠦᠯᠵᠦ ᠴᠢᠳᠠᠭᠰᠠᠨ ᠬᠦᠮᠦᠨ ᠢ ᠳᠡᠮᠵᠢᠳᠡᠭ ᠪᠣᠯᠵᠠᠢ᠃ ᠭᠤᠷᠪᠠᠳᠤᠭᠠᠷ ᠲᠤ᠂ ᠨᠣᠮ ᠪᠣᠯ ᠪᠢᠳᠡᠨ ᠦ ᠰᠤᠶᠤᠯ ᠤᠨ ᠰᠠᠯᠤᠰᠢ ᠦᠭᠡᠢ ᠬᠡᠰᠡᠭ᠃ ᠰᠡᠭᠦᠯ ᠦᠨ ᠦᠶ᠎ᠡ ᠳᠦ ᠮᠠᠨ ᠤ  ᠵᠤᠬᠢᠶᠠᠭᠴᠢᠳ ᠂ ᠤᠩᠰᠢᠭᠴᠢᠳ ᠤᠨ ᠳᠤᠮᠳᠠ ᠶᠠᠷᠢᠳᠠᠭ ᠨᠣᠮ᠂ ᠰᠣᠨᠣᠰᠳᠠᠭ ᠨᠣᠮ ᠪᠤᠶᠤ ᠫᠤᠳ᠋ᠺᠠᠰᠲ ᠳᠡᠯᠭᠡᠷᠡᠵᠦ ᠪᠠᠶᠢᠨ᠎ᠠ᠃ ᠡᠭᠦᠨ ᠦ ᠤᠯᠠᠮᠵᠢᠯᠠᠯ ᠪᠢᠳᠡᠨ ᠳᠦ ᠪᠤᠢ᠃ ᠡᠷᠲᠡ ᠦᠶ᠎ᠡ ᠡᠴᠡ ᠮᠣᠩᠭᠣᠯᠴᠤᠳ ᠦᠯᠢᠭᠡᠷ᠂ ᠲᠤᠭᠤᠵᠢ ᠶᠢ ᠠᠮᠠ ᠳᠠᠮᠵᠢᠭᠤᠯᠤᠨ ᠬᠥᠭᠡᠷᠦᠯᠳᠦᠳᠡᠭ ᠪᠠᠶᠢᠭᠰᠠᠨ᠃ ᠨᠣᠮ ᠪᠣᠯ ᠪᠢᠳᠡᠨ ᠦ ᠦᠨᠳᠦᠰᠦᠨ ᠦ ᠥᠪ ᠰᠤᠶᠤᠯ ᠢᠶᠠᠨ ᠤᠯᠠᠮᠵᠢᠯᠠᠭᠤᠯᠤᠨ ᠥᠪᠯᠡᠭᠦᠯᠬᠦ ᠭᠣᠣᠯ ᠬᠡᠷᠡᠭᠰᠡᠯ ᠦᠨ ᠨᠢᠭᠡ  ᠶᠤᠮ ᠃  ︽ᠨᠣᠮ ᠦᠭᠡᠢ ᠬᠦᠮᠦᠨ ᠦ ᠴᠡᠭᠡᠵᠢ ᠬᠠᠷᠠᠩᠭᠤᠢ᠂ ᠮᠠᠯ ᠦᠭᠡᠢ ᠬᠦᠮᠦᠨ ᠦ ᠬᠣᠲᠠ ᠬᠠᠷᠠᠩᠭᠤᠢ︾ ᠭᠡᠵᠦ ᠡᠪᠦᠭᠡᠳ ᠰᠤᠷᠭᠠᠳᠠᠭ ᠪᠠᠶᠢᠭᠰᠠᠨ᠃ ᠣᠷᠴᠢᠨ ᠴᠠᠭ ᠤᠨ ᠬᠡᠦᠬᠡᠳ ᠵᠠᠯᠠᠭᠤᠰ ᠲᠤ ᠪᠠᠨ ᠴᠡᠭᠡᠵᠢ ᠬᠠᠷᠠᠩᠭᠤᠢ ᠪᠠᠶᠢᠬᠤ ᠦᠭᠡᠢ ᠶᠢ ᠵᠠᠬᠢᠶ᠎ᠠ ᠭᠡᠳ ᠨᠣᠮ ᠤᠨ ᠪᠠᠶᠠᠷ ᠲᠤ ᠪᠠᠨ ᠢᠳᠡᠪᠬᠢᠲᠡᠢ ᠣᠷᠣᠯᠴᠠᠬᠤ ᠶᠢ ᠬᠡᠦᠬᠡᠳ ᠵᠠᠯᠠᠭᠤᠰ ᠲᠤ ᠤᠷᠢᠶᠠᠯᠠᠪᠠ᠃

ᠰᠡᠳᠬᠢᠭᠳᠡᠯ ᠦᠯᠡᠳᠡᠭᠡᠬᠦ