︽ᠤᠯᠠᠭᠠᠨᠪᠠᠭᠠᠲᠤᠷ ᠲᠦᠩᠰᠢᠯᠡᠯ-2019︾ ᠨᠡᠭᠡᠭᠡᠯᠲᠡ ᠪᠡᠨ ᠬᠢᠯ᠎ᠡ  | News.MN

 ︽ᠤᠯᠠᠭᠠᠨᠪᠠᠭᠠᠲᠤᠷ ᠲᠦᠩᠰᠢᠯᠡᠯ-2019︾ ᠨᠡᠭᠡᠭᠡᠯᠲᠡ ᠪᠡᠨ ᠬᠢᠯ᠎ᠡ 

ᠮᠣᠩᠭᠣᠯ ᠤᠯᠤᠰ ᠤᠨ ᠵᠠᠰᠠᠭ ᠤᠨ ᠭᠠᠵᠠᠷ ᠠᠴᠠ 2019 ᠣᠨ ᠢ  ︽ᠢᠷᠭᠡᠨ ᠲᠥᠪ ᠲᠡᠢ ᠲᠥᠷᠥ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠵᠢᠯ ︾᠂ ᠨᠡᠶᠢᠰᠯᠡᠯ ᠡᠴᠡ ︽ᠢᠷᠭᠡᠳ ᠦᠨ ᠣᠷᠣᠯᠴᠠᠭ᠎ᠠ ᠲᠠᠢ ᠬᠥᠭᠵᠢᠯ ᠦᠨ ᠵᠢᠯ︾ ᠪᠣᠯᠭᠠᠨ ᠵᠠᠷᠯᠠᠭᠰᠠᠨ ᠲᠠᠢ ᠬᠣᠯᠪᠣᠭᠳᠠᠭᠤᠯᠤᠨ ᠵᠣᠬᠢᠶᠠᠨ ᠪᠠᠶᠢᠭᠤᠯᠵᠤ ᠪᠤᠢ ︽ᠤᠯᠠᠭᠠᠨᠪᠠᠭᠠᠲᠤᠷ ᠲᠦᠩᠰᠢᠯᠡᠯ-2019 ︾ ᠣᠯᠠᠨ ᠤᠯᠤᠰ ᠤᠨ ᠦᠵᠡᠰᠬᠦᠯᠡᠩ ᠶᠠᠭᠠᠷᠮᠠᠭ 44 ᠳ᠋ᠡᠬᠢ ᠵᠢᠯ ᠳᠦ ᠪᠡᠨ 2019 ᠣᠨ ᠤ ᠶᠢᠰᠦᠳᠦᠭᠡᠷ ᠰᠠᠷ᠎ᠠ ᠶᠢᠨ 12 ᠍ ᠤ ᠡᠳᠦᠷ  ︽ᠮᠢᠰᠢᠶᠡᠯ ᠡᠺᠰᠫᠣ ︾ ᠲᠥᠪ ᠲᠦ ᠨᠡᠭᠡᠭᠡᠯᠲᠡ ᠪᠡᠨ ᠬᠢᠯ᠎ᠡ᠃
ᠦᠵᠡᠰᠬᠦᠯᠡᠩ ᠳᠦ ᠣᠷᠣᠰ ᠂ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ᠂ ᠲᠠᠶᠢᠸᠠᠨ᠂ ᠫᠤᠯᠱᠠ᠂  ᠪᠠᠯᠸᠷᠦᠰ ᠵᠡᠷᠭᠡ ᠣᠷᠣᠨ ᠨᠤᠭᠤᠳ ᠤᠨ ᠪᠣᠯᠤᠨ ᠳᠣᠲᠣᠭᠠᠳᠤ ᠶᠢᠨ 100 ᠭᠠᠷᠤᠢ ᠲᠣᠮᠣᠬᠠᠨ ᠠᠵᠤ ᠠᠬᠤᠢ ᠨᠢᠭᠡᠴᠡ᠂ ᠪᠠᠶᠢᠭᠤᠯᠤᠯᠭ᠎ᠠ ᠨᠤᠭᠤᠳ ᠣᠷᠣᠯᠴᠠᠵᠤ ᠰᠢᠨ᠎ᠡ ᠲᠧᠭᠨᠢᠭ ᠲᠧᠭᠨᠣᠯᠣᠭᠢ᠂ ᠪᠦᠲᠦᠭᠡᠭᠳᠡᠬᠦᠨ᠂ ᠦᠢᠯᠡᠴᠢᠯᠡᠭᠡ ᠪᠡᠨ ᠭᠠᠳᠠᠭᠠᠳᠤ᠂ ᠳᠣᠲᠣᠭᠠᠳᠤ ᠶᠢᠨ ᠦᠢᠯᠡᠳᠪᠦᠷᠢᠯᠡᠭᠴᠢᠳ ᠲᠦ ᠰᠤᠷᠲᠠᠯᠴᠢᠯᠠᠬᠤ᠂ ᠪᠢᠽᠢᠨᠧᠰ ᠦᠨ ᠲᠦᠩᠰᠢ ᠪᠡᠨ ᠤᠯᠬᠤ᠂ ᠬᠠᠮᠲᠤ ᠶᠢᠨ ᠠᠵᠢᠯᠯᠠᠭ᠎ᠠ ᠪᠠᠨ ᠥᠷᠭᠡᠵᠢᠭᠦᠯᠬᠦ᠂ ᠪᠠᠷᠠᠭ᠎ᠠ ᠪᠦᠲᠦᠭᠡᠭᠳᠡᠬᠦᠨ ᠢᠶᠡᠨ ᠣᠯᠠᠨ ᠤᠯᠤᠰ ᠤᠨ ᠵᠠᠬ᠎ᠠ ᠵᠡᠭᠡᠯᠢ ᠳᠦ ᠭᠠᠷᠭᠠᠬᠤ ᠪᠣᠯᠤᠮᠵᠢ ᠶᠢ ᠪᠦᠷᠢᠳᠦᠭᠦᠯᠵᠦ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ