ᠰᠠᠨᠠᠯ ᠠᠰᠠᠭᠤᠯᠭ᠎ᠠ ᠶᠢᠨ ᠲᠥᠰᠥᠯ ᠢ ᠬᠡᠯᠡᠯᠴᠡᠨ᠎ᠡ  | News.MN

ᠰᠠᠨᠠᠯ ᠠᠰᠠᠭᠤᠯᠭ᠎ᠠ ᠶᠢᠨ ᠲᠥᠰᠥᠯ ᠢ ᠬᠡᠯᠡᠯᠴᠡᠨ᠎ᠡ 

ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠵᠥᠪᠯᠡᠯ ᠥᠨᠥᠳᠥᠷ ᠬᠤᠷᠠᠯᠳᠤᠵᠤ᠂ ᠢᠷᠡᠬᠦ ᠳᠣᠯᠣᠭ᠎ᠠ ᠬᠣᠨᠣᠭ ᠤᠨ ᠡᠭᠡᠯᠵᠢᠲᠦ ᠪᠤᠰᠤ ᠴᠢᠭᠤᠯᠭᠠᠨ ᠤ ᠬᠤᠪᠢᠶᠠᠷᠢ ᠶᠢ ᠭᠠᠷᠭᠠᠵᠠᠢ᠃ ᠢᠷᠡᠬᠦ ᠳᠣᠯᠣᠭ᠎ᠠ ᠬᠣᠨᠣᠭ ᠲᠤ ᠶᠣᠰᠣ ᠵᠦᠢ ᠶᠢᠨ ᠳᠡᠳ᠋ ᠬᠣᠷᠢᠶ᠎ᠠ ᠪᠣᠯᠤᠨ ᠪᠠᠶᠢᠩᠭᠤ ᠶᠢᠨ ᠬᠣᠷᠢᠶᠠᠨ ᠤ ᠬᠣᠶᠠᠷ ᠳᠡᠳ᠋ ᠪᠠᠭ ᠬᠤᠷᠠᠯᠳᠤᠬᠤ ᠠᠴᠠ ᠭᠠᠳᠠᠨ᠎ᠠ ᠠᠷᠠᠳ ᠨᠡᠶᠢᠲᠡ ᠶᠢᠨ ᠰᠠᠨᠠᠯ ᠠᠰᠠᠭᠤᠯᠭ᠎ᠠ ᠶᠠᠪᠤᠭᠤᠯᠬᠤ ᠬᠤᠭᠤᠴᠠᠭ᠎ᠠ ᠶᠢ ᠵᠠᠷᠯᠠᠬᠤ᠂ ᠵᠣᠬᠢᠶᠠᠨ ᠪᠠᠶᠢᠭᠤᠯᠤᠯᠲᠠ ᠶᠢ ᠬᠠᠩᠭᠠᠬᠤ ᠲᠤᠬᠠᠢ ᠲᠣᠭᠲᠠᠭᠠᠯ ᠤᠨ ᠲᠥᠰᠥᠯ ᠢ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶ᠎ᠠ ᠬᠡᠯᠡᠯᠴᠡᠨ᠎ᠡ᠃ ᠲᠣᠳᠣᠷᠠᠭᠤᠯᠪᠠᠯ᠂ ᠳᠠᠸᠠ ᠭᠠᠷᠠᠭ ᠲᠤ ︽ᠥᠷᠭᠡᠨ ᠨᠡᠪᠲᠡᠷᠡᠭᠦᠯᠭᠡ ᠶᠢᠨ ᠲᠤᠬᠠᠢ︾ ᠬᠠᠤᠯᠢ ᠶᠢᠨ ᠲᠥᠰᠥᠯ ᠪᠣᠯᠤᠨ ᠬᠠᠮᠲᠤ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠥᠯ ᠦᠳ ᠢ ᠨᠢᠭᠡᠳᠦᠭᠰᠡᠨ ᠬᠤᠷᠠᠯᠳᠤᠭᠠᠨ ᠢᠶᠠᠷ ᠬᠡᠯᠡᠯᠴᠡᠭᠦᠯᠬᠦ ᠪᠡᠯᠡᠳᠬᠡᠯ ᠬᠠᠩᠭᠠᠬᠤ᠂ ᠰᠠᠨᠠᠯ ᠳ᠋ᠦᠩᠨᠡᠯᠲᠡ ᠶᠢᠨ ᠲᠥᠰᠥᠯ ᠪᠣᠯᠪᠠᠰᠤᠷᠠᠭᠤᠯᠬᠤ ᠡᠭᠦᠷᠭᠡ ᠪᠦᠬᠦᠢ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶᠠᠨ ᠤ ᠠᠵᠢᠯ ᠤᠨ ᠳᠡᠳ᠋ ᠪᠠᠭ 11.00 ᠴᠠᠭ ᠲᠤ ᠲᠥᠷᠥ ᠶᠢᠨ ᠣᠷᠳᠣᠨ ᠤ 350 ᠲᠣᠭᠠᠲᠤ ᠥᠷᠥᠭᠡᠨ ᠳᠦ ᠬᠤᠷᠠᠯᠳᠤᠬᠤ ᠶᠤᠮ᠃ ᠮᠥᠨ ᠤᠯᠤᠰ ᠤᠨ ᠶᠡᠬᠡ ᠬᠤᠷᠠᠯ ᠤᠨ ᠭᠡᠰᠢᠭᠦᠨ ᠦ ᠰᠠᠬᠢᠯᠭ᠎ᠠ᠂ ᠶᠣᠰᠣ ᠵᠦᠢ ᠶᠢᠨ ᠠᠰᠠᠭᠤᠳᠠᠯ ᠢᠶᠠᠷ᠂ ᠳᠠᠸᠠ ᠭᠠᠷᠠᠭ ᠤᠨ 14.00 ᠴᠠᠭ ᠲᠤ ᠶᠣᠰᠣ ᠵᠦᠢ ᠶᠢᠨ ᠳᠡᠳ᠋ ᠬᠣᠷᠢᠶ᠎ᠠ ᠲᠥᠷᠥ ᠶᠢᠨ ᠣᠷᠳᠣᠨ ᠤ ︽ᠵᠠᠩᠵᠤᠨ ᠳ∙ᠰᠦᠬᠡᠪᠠᠭᠠᠲᠤᠷ︾ ᠲᠠᠩᠬᠢᠮ ᠳᠤ ᠬᠤᠷᠠᠯᠳᠤᠬᠤ ᠪᠠᠷ ᠲᠥᠯᠥᠪᠯᠡᠵᠡᠢ᠃
ᠮᠦᠨ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶᠠᠨ ᠤ ᠳᠡᠳ᠋ ᠪᠠᠭ ︽ᠲᠥᠷᠥ ᠡᠴᠡ  ᠠᠪᠯᠢᠭ᠎ᠠ ᠠᠯᠪᠠᠨ ᠲᠤᠰᠢᠶᠠᠯ ᠤᠨ ᠭᠡᠮᠲᠦ ᠬᠡᠷᠡᠭ ᠲᠡᠢ ᠲᠡᠮᠡᠴᠡᠬᠦ ᠳᠦ ᠪᠠᠷᠢᠮᠲᠠᠯᠠᠵᠤ ᠪᠤᠢ ᠶᠠᠯ᠎ᠠ ᠶᠢᠨ ᠪᠣᠳᠣᠯᠭ᠎ᠠ᠂ ᠬᠥᠭᠡᠭᠡᠨ ᠬᠡᠯᠡᠯᠴᠡᠬᠦ ᠬᠤᠭᠤᠴᠠᠭ᠎ᠠ᠂ ᠡᠷᠡᠭᠦᠦ ᠶᠢᠨ ᠬᠠᠷᠢᠭᠤᠴᠠᠯᠭ᠎ᠠ ᠶᠢᠨ ᠦᠷ᠎ᠡ ᠨᠥᠯᠥᠭᠡ᠂ ᠬᠤᠯᠪᠤᠭᠳᠠᠬᠤ ᠬᠠᠤᠯᠢ ᠲᠣᠭᠲᠠᠭᠠᠮᠵᠢ ᠶᠢᠨ ᠬᠡᠶᠢᠳᠡᠯ᠂ ᠵᠥᠷᠢᠴᠡᠯ ᠪᠣᠯᠤᠨ ᠬᠠᠤᠯᠢ ᠶᠢᠨ ᠬᠡᠷᠡᠭᠯᠡᠭᠡᠨ ᠦ ᠨᠥᠬᠥᠴᠡᠯ ᠪᠠᠶᠢᠳᠠᠯ ᠢ ᠰᠤᠳᠤᠯᠵᠤ᠂  ᠶᠠᠯ᠎ᠠ ᠵᠠᠪᠰᠢᠭᠤᠯᠬᠤ ᠦᠭᠡᠢ ᠪᠠᠶᠢᠬᠤ᠂ ᠬᠠᠷᠢᠭᠤᠴᠠᠯᠭ᠎ᠠ ᠶᠢ ᠴᠢᠩᠭᠠᠳᠬᠠᠬᠤ ᠲᠠᠯ᠎ᠠ ᠪᠠᠷ ᠰᠠᠨᠠᠯ ᠳ᠋ᠦᠩᠨᠡᠯᠲᠡ ᠭᠠᠷᠭᠠᠬᠤ ᠶᠤᠮ᠃ ᠲᠡᠭᠦᠨᠴᠢᠯᠡᠨ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ 2018 ᠣᠨ ᠤ 57 ᠳ᠋ᠤᠭᠠᠷ ᠵᠠᠬᠢᠷᠤᠮᠵᠢ ᠪᠠᠷ ᠪᠠᠶᠢᠭᠤᠯᠤᠭᠳᠠᠭᠰᠠᠨ ᠤᠭ᠍ᠶᠤᠲᠤᠯᠤᠭᠠᠢ ᠣᠷᠳᠣ ᠶᠢ ᠠᠰᠢᠭᠯᠠᠬᠤ ᠬᠥᠷᠥᠩᠭᠡ ᠣᠷᠣᠭᠤᠯᠤᠯᠲᠠ ᠶᠢᠨ ᠭᠡᠷ᠎ᠡ ᠶᠢᠨ ᠬᠡᠷᠡᠭᠵᠢᠯᠲᠡ ᠶᠢ ᠰᠢᠯᠭᠠᠵᠤ᠂ ᠰᠠᠨᠠᠯ ᠳ᠋ᠦᠩᠨᠡᠯᠲᠡ ᠭᠠᠷᠭᠠᠬᠤ ᠡᠭᠦᠷᠭᠡ ᠪᠦᠬᠦᠢ ᠠᠵᠢᠯ ᠤᠨ ᠪᠠᠭ ᠤᠨ ᠪᠡᠯᠡᠳᠬᠡᠭᠰᠡᠨ ᠰᠠᠨᠠᠯ᠂ ᠳ᠋ᠦᠩᠨᠡᠯᠲᠡ ᠶᠢ ᠦᠨᠳᠦᠰᠦᠯᠡᠨ ᠤᠯᠤᠰ ᠤᠨ ᠶᠡᠬᠡ ᠬᠤᠷᠠᠯ ᠤᠨ ᠰᠢᠢᠳᠪᠦᠷᠢ ᠶᠢᠨ ᠲᠥᠰᠥᠯ ᠪᠣᠯᠪᠠᠰᠤᠷᠠᠭᠤᠯᠬᠤ ᠡᠭᠦᠷᠭᠡ ᠪᠦᠬᠦᠢ ᠠᠵᠢᠯ ᠤᠨ ᠪᠠᠭ ᠤᠨ ᠬᠤᠷᠠᠯᠳᠤᠭᠠᠨ ᠮᠥᠨ ᠡᠳᠦᠷ ᠦᠨ 14.00 ᠴᠠᠭ ᠠᠴᠠ ᠲᠥᠷᠥ ᠶᠢᠨ ᠣᠷᠳᠣᠨ ᠤ B ᠲᠠᠩᠬᠢᠮ ᠳᠤ ᠪᠣᠯᠤᠨ᠎ᠠ᠃
ᡀᠠᠭᠪᠠ ᠭᠠᠷᠠᠭ ᠲᠤ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶ᠎ᠠ ᠮᠣᠩᠭᠣᠯ ᠤᠯᠤᠰ ᠤᠨ ᠦᠨᠳᠦᠰᠦᠨ ᠬᠠᠤᠯᠢ ᠳᠤ ᠤᠷᠤᠭᠤᠯᠬᠤ ᠨᠡᠮᠡᠯᠲᠡ ᠥᠭᠡᠷᠡᠴᠢᠯᠡᠯᠲᠡ ᠶᠢᠨ ᠲᠥᠰᠥᠯ ᠢᠶᠡᠷ ︽ᠠᠷᠠᠳ ᠨᠡᠶᠢᠲᠡ ᠶᠢᠨ ᠰᠠᠨᠠᠯ ᠠᠰᠠᠭᠤᠯᠭ᠎ᠠ ᠶᠠᠪᠤᠭᠤᠯᠬᠤ ᠡᠳᠦᠷ ᠢ ᠵᠠᠷᠯᠠᠨ ᠲᠤᠩᠬᠠᠭᠯᠠᠵᠤ᠂ ᠵᠣᠬᠢᠶᠠᠨ ᠪᠠᠶᠢᠭᠤᠯᠤᠯᠲᠠ ᠶᠢ ᠬᠠᠩᠭᠠᠬᠤ ᠲᠤᠬᠠᠢ︾ ᠤᠯᠤᠰ ᠤᠨ ᠶᠡᠬᠡ ᠬᠤᠷᠠᠯ ᠤᠨ ᠲᠣᠭᠲᠠᠭᠠᠯ ᠤᠨ ᠲᠥᠰᠥᠯ ᠢ ᠬᠡᠯᠡᠯᠴᠡᠨ᠎ᠡ᠃

ᠰᠡᠳᠬᠢᠭᠳᠡᠯ ᠦᠯᠡᠳᠡᠭᠡᠬᠦ