ᠶᠡᠷᠦᠩᠬᠡᠶᠢᠯᠡᠭᠴᠢ ᠡᠨᠡᠳᠬᠡᠭ ᠤᠯᠤᠰ ᠲᠤ ᠠᠶᠢᠯᠴᠢᠯᠠᠨ᠎ᠠ  | News.MN

ᠶᠡᠷᠦᠩᠬᠡᠶᠢᠯᠡᠭᠴᠢ ᠡᠨᠡᠳᠬᠡᠭ ᠤᠯᠤᠰ ᠲᠤ ᠠᠶᠢᠯᠴᠢᠯᠠᠨ᠎ᠠ 

ᠶᠡᠷᠦᠩᠬᠡᠶᠢᠯᠡᠭᠴᠢ ᠬ∙ᠪᠠᠲᠤᠲᠤᠯᠭ᠎ᠠ ᠪᠦᠭᠦᠳᠡ ᠨᠠᠶᠢᠷᠠᠮᠳᠠᠬᠤ ᠡᠨᠡᠳᠬᠡᠭ ᠤᠯᠤᠰ᠍ ᠤᠨ ᠶᠡᠷᠦᠩᠬᠡᠶᠢᠯᠡᠭᠴᠢ ᠷᠠᠮ   ᠨᠠᠲᠾᠠ ᠺᠣᠸᠢᠨᠳ᠋ ᠍ ᠤᠨ ᠤᠷᠢᠯᠭ᠎ᠠ ᠪᠠᠷ 2019 ᠣᠨ ᠤ 9  ᠳ᠋ᠤᠭᠡᠷ ᠰᠠᠷ᠎ᠠ ᠶᠢᠨ 19-23 ᠍ ᠳᠦ ᠲᠤᠰ ᠤᠯᠤᠰ ᠲᠤ ᠲᠥᠷᠥ ᠶᠢᠨ ᠠᠶᠢᠯᠴᠢᠯᠠᠯ ᠬᠢᠨ᠎ᠡ᠃ ᠠᠶᠢᠯᠴᠢᠯᠠᠯ ᠤᠨ ᠢᠶᠠᠨ ᠦᠶ᠎ᠡ ᠪᠡᠷ ᠶᠡᠷᠦᠩᠬᠡᠶᠢᠯᠡᠭᠴᠢ ᠷᠠᠮ   ᠨᠠᠲᠾᠠ ᠺᠣᠸᠢᠨᠳ᠋᠂ ᠶᠡᠷᠦᠩᠬᠡᠢ ᠰᠠᠶᠢᠳ ᠨᠠᠷᠧᠨᠳ᠋ᠷᠠ ᠮᠣᠳᠢ ᠨᠠᠷ ᠲᠠᠢ ᠠᠯᠪᠠᠨ ᠶᠣᠰᠣᠨ ᠤ ᠠᠭᠤᠯᠵᠠᠯᠲᠠ᠂ ᠬᠡᠯᠡᠯᠴᠡᠭᠡ ᠬᠢᠨ᠎ᠡ᠃
ᠮᠣᠩᠭᠣᠯ ᠤᠯᠤᠰ ᠤᠨ ᠲᠥᠷᠥ ᠶᠢᠨ ᠲᠡᠷᠢᠭᠦᠨ ᠦ 10 ᠵᠢᠯ ᠦᠨ ᠳᠠᠷᠠᠭ᠎ᠠ ᠬᠢᠬᠦ ᠭᠡᠵᠦ ᠪᠤᠢ ᠡᠨᠡᠬᠦ ᠠᠶᠢᠯᠴᠢᠯᠠᠯ ᠢᠶᠠᠷ ᠮᠣᠩᠭᠣᠯ᠂ ᠡᠨᠡᠳᠬᠡᠭ ᠦᠨ ᠰᠲᠷᠠᠲ᠋ᠧᠭᠢ ᠶᠢᠨ ᠲᠦᠩᠰᠢᠯᠡᠯ ᠢ ᠤᠯᠤᠰ ᠲᠥᠷᠥ᠂ ᠠᠶᠤᠯᠭᠦᠢ ᠪᠠᠶᠢᠳᠠᠯ᠂ ᠪᠠᠲᠤᠯᠠᠨ ᠬᠠᠮᠠᠭᠠᠯᠠᠬᠤ᠂ ᠬᠤᠳᠠᠯᠳᠤᠭ᠎ᠠ᠂ ᠬᠥᠷᠥᠩᠭᠡ ᠣᠷᠣᠭᠤᠯᠤᠯᠲᠠ᠂ ᠡᠳ᠋ ᠍ ᠦᠨ ᠵᠠᠰᠠᠭ᠂ ᠪᠣᠯᠪᠠᠰᠤᠷᠠᠯ᠂ ᠰᠤᠶᠤᠯ᠂ ᠬᠦᠮᠦᠯᠢᠭ ᠦᠨ ᠵᠡᠷᠭᠡ ᠰᠠᠯᠪᠤᠷᠢ ᠳᠤ ᠥᠷᠭᠡᠵᠢᠭᠦᠯᠦᠨ ᠪᠡᠬᠢᠵᠢᠭᠦᠯᠬᠦ ᠲᠤᠬᠠᠢ ᠶᠠᠷᠢᠯᠴᠠᠨ᠎ᠠ᠃ ᠮᠥᠨ ᠣᠯᠠᠨ ᠤᠯᠤᠰ᠂ ᠪᠥᠰᠡ ᠨᠤᠲᠤᠭ ᠤᠨ ᠲᠠᠪᠴᠠᠩ ᠳ᠋ᠡᠬᠢ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠳᠡᠯᠭᠡᠷᠡᠩᠭᠦᠢ ᠰᠠᠨᠠᠯ ᠰᠣᠯᠢᠯᠴᠠᠨ᠎ᠠ᠃ ᠮᠦᠨ ᠡᠨᠡᠳᠬᠡᠭ ᠦᠨ ᠭᠠᠶᠠ ᠪᠣᠯᠤᠨ ᠪᠠᠩᠭᠠᠯᠣᠷ ᠬᠣᠲᠠ ᠳᠦ ᠵᠣᠴᠢᠯᠠᠵᠤ᠂ ᠮᠠᠨ ᠤ ᠤᠯᠤᠰ ᠲᠠᠢ ᠬᠤᠯᠪᠤᠭ᠎ᠠ ᠲᠠᠢ ᠪᠤᠳ᠋ᠳ᠋ᠾᠠ  ᠶᠢᠨ ᠱᠠᠰᠢᠨ ᠤ ᠲᠡᠦᠬᠡ ᠳᠤᠷᠠᠰᠬᠠᠯᠲᠤ ᠭᠠᠵᠠᠷ ᠤᠳ ᠪᠣᠯᠤᠨ ᠡᠨᠡᠳᠬᠡᠭ ᠦᠨ ᠰᠢᠨᠵᠢᠯᠡᠬᠦ ᠤᠬᠠᠭᠠᠨ᠂ ᠮᠡᠳᠡᠭᠡᠯᠡᠯ ᠦᠨ ᠲᠧᠭᠨᠣᠯᠣᠭᠢ ᠶᠢᠨ ᠵᠠᠷᠢᠮ ᠲᠥᠪ ᠲᠡᠢ ᠲᠠᠨᠢᠯᠴᠠᠬᠤ ᠪᠠᠷ ᠲᠥᠯᠥᠪᠯᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ