ᠵᠡᠭᠦᠨᠪᠠᠶᠠᠨ ‍ᠣ ᠲᠡᠮᠦᠷ ᠵᠠᠮ ᠤᠨ ᠠᠵᠢᠯ ᠤᠯᠠᠷᠢᠯ ᠬᠠᠷᠠᠭᠠᠯᠵᠠᠬᠤ ᠦᠭᠡᠢ | News.MN

ᠵᠡᠭᠦᠨᠪᠠᠶᠠᠨ ‍ᠣ ᠲᠡᠮᠦᠷ ᠵᠠᠮ ᠤᠨ ᠠᠵᠢᠯ ᠤᠯᠠᠷᠢᠯ ᠬᠠᠷᠠᠭᠠᠯᠵᠠᠬᠤ ᠦᠭᠡᠢ

ᠶᠡᠷᠦᠩᠬᠡᠶᠢᠯᠡᠭᠴᠢ ᠬ∙ᠪᠠᠲᠤᠲᠤᠯᠭ᠎ᠠ ᠥᠩᠭᠡᠷᠡᠭᠰᠡᠨ ᠠᠮᠠᠷᠠᠯᠲᠠ ᠶᠢᠨ ᠡᠳᠦᠷ ᠦᠳ ᠢᠶᠡᠷ ᠳᠣᠷᠣᠨᠠᠭᠣᠪᠢ ᠠᠶᠢᠮᠠᠭ ᠲᠤ ᠠᠵᠢᠯᠯᠠᠵᠤ ᠲᠠᠪᠤᠨᠲᠣᠯᠣᠭᠠᠢ ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠪᠤᠴᠠ ᠲᠠᠢ ᠲᠠᠨᠢᠯᠴᠠᠯ᠎ᠠ᠃ 414.6 ᠺᠢᠯᠣᠮᠧᠲ᠋ᠷ ᠲᠡᠮᠦᠷ ᠵᠠᠮ ᠤᠨ ᠠᠵᠢᠯ ᠳᠣᠷᠣᠨᠠᠭᠣᠪᠢ ᠠᠶᠢᠮᠠᠭ ᠤᠨ ᠮᠠᠨᠳᠤᠬᠤ᠂ ᠵᠡᠭᠦᠨᠪᠠᠶᠠᠨ ᠭᠡᠰᠡᠨ ᠬᠣᠶᠠᠷ ᠰᠤᠮᠤᠨ ᠳᠤ ᠵᠡᠷᠭᠡ ᠦᠷᠭᠦᠯᠵᠢᠯᠡᠵᠦ ᠪᠠᠶᠢᠭ᠎ᠠ ᠶᠤᠮ᠃ ᠠᠵᠢᠯ ᠤᠨ ᠶᠡᠷᠦᠩᠬᠡᠢ ᠭᠦᠢᠴᠡᠳᠬᠡᠭᠴᠢ ᠪᠡᠷ ᠵᠡᠪᠰᠡᠭᠲᠦ ᠬᠦᠴᠦᠨ ᠦ ᠵᠠᠩᠵᠤᠨ ᠱᠲ᠋ᠠᠪ᠂ ᠲᠤᠰᠠᠯᠠᠨ ᠭᠦᠢᠴᠡᠳᠬᠡᠭᠴᠢ ᠪᠡᠷ ᠣᠳᠣ ᠶᠢᠨ ᠪᠠᠶᠢᠳᠠᠯ ᠢᠶᠠᠷ ᠳᠣᠲᠣᠭᠠᠳᠤ ᠶᠢᠨ 15 ᠠᠵᠤ ᠠᠬᠤᠢ ᠶᠢᠨ ᠨᠢᠭᠡᠴᠡ ᠠᠵᠢᠯᠯᠠᠵᠤ ᠪᠠᠶᠢᠨ᠎ᠠ᠃ ᠲᠡᠮᠦᠷ ᠵᠠᠮ ᠤᠨ ᠳᠤᠤᠷᠠᠳᠤ  ᠰᠠᠭᠤᠷᠢ ᠶᠢᠨ ᠠᠵᠢᠯ ᠢ ᠭᠦᠢᠴᠡᠳᠭᠡᠵᠦ ᠪᠤᠢ ᠺᠣᠮᠫᠠᠨᠢ ᠨᠤᠭᠤᠳ ᠤᠨ ᠠᠵᠢᠯ ᠤᠨ ᠭᠦᠢᠴᠡᠳᠬᠡᠯ ᠬᠠᠷᠢᠯᠴᠠᠨ ᠠᠳᠠᠯᠢ ᠦᠭᠡᠢ ᠴᠤ ᠠᠷᠪᠠᠳᠤᠭᠠᠷ ᠰᠠᠷ᠎ᠠ ᠶᠢᠨ 20 ᠦᠨ ᠭᠡᠬᠦ ᠳᠦ  ᠲᠦᠯᠦᠪᠯᠡᠭᠡᠲᠦ ᠠᠵᠢᠯ ᠢᠶᠠᠨ ᠳᠠᠭᠤᠰᠬᠠᠨ᠎ᠠ ᠭᠡᠵᠦ ᠶᠡᠷᠦᠩᠬᠡᠶᠢᠯᠡᠭᠴᠢ ᠳᠤ ᠲᠠᠨᠢᠯᠴᠠᠭᠤᠯᠤᠯ᠎ᠠ᠃ ᠬᠦᠢᠲᠡᠨ ᠦ ᠤᠯᠠᠷᠢᠯ ᠳᠤ ᠴᠤ ᠭᠡᠰᠡᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠭᠦᠯᠬᠦ ᠪᠣᠯᠤᠮᠵᠢ ᠲᠠᠢ ᠡᠰᠡᠬᠦ ᠶᠢ ᠯᠠᠪᠯᠠᠬᠤ ᠳᠤ᠂ ᠠᠷᠪᠠᠨ ᠬᠣᠶᠠᠳᠤᠭᠠᠷ ᠰᠠᠷ᠎ᠠ ᠶᠢᠨ ᠰᠡᠭᠦᠯ ᠬᠦᠷᠲᠡᠯ᠎ᠡ ᠠᠵᠢᠯ ᠭᠦᠢᠴᠡᠳᠭᠡᠬᠦ ᠪᠣᠯᠤᠮᠵᠢ ᠲᠠᠢ ᠭᠡᠰᠡᠨ ᠶᠤᠮ᠃ ᠢᠩᠭᠢᠭᠰᠡᠨ ᠢᠶᠡᠷ ᠬᠣᠶᠠᠳᠤᠭᠠᠷ ᠰᠠᠷ᠎ᠠ ᠶᠢᠨ ᠰᠡᠭᠦᠯᠴᠢ᠂ ᠭᠤᠷᠪᠠᠳᠤᠭᠠᠷ ᠰᠠᠷ᠎ᠠ ᠶᠢᠨ ᠡᠬᠢ ᠪᠡᠷ ᠳᠤᠤᠷᠠᠳᠤ ᠪᠦᠲᠦᠴᠡ ᠶᠢᠨ ᠠᠵᠢᠯ ᠳᠤ ᠪᠠᠨ ᠰᠢᠭᠤᠷᠬᠠᠶᠢᠯᠠᠨ ᠤᠷᠤᠬᠤ ᠪᠣᠯᠤᠮᠵᠢ ᠪᠥᠷᠢᠳᠬᠦ ᠶᠤᠮ᠃
ᠡᠨᠡ ᠰᠠᠷ᠎ᠠ ᠳᠤ ᠪᠠᠭᠲᠠᠨ ᠦᠶ᠎ᠡ ᠤᠭᠰᠠᠷᠠᠬᠤ ᠪᠠᠭᠠᠽ ᠠᠰᠢᠭᠯᠠᠯᠲᠠ ᠳᠤ ᠣᠷᠣᠵᠤ᠂ 20 ᠮᠢᠩᠭᠠᠨ ᠰᠢᠷᠬᠡᠭ ᠪᠤᠶᠤ 5 ᠺᠢᠯᠣᠮᠧᠲ᠋ᠷ ᠪᠸᠲ᠋ᠤᠨ ᠳᠡᠷ᠎ᠡ ᠬᠡᠳᠦᠶᠢᠨ ᠦᠢᠯᠡᠳᠪᠦᠷᠢᠯᠡᠭᠳᠡᠭᠰᠡᠨ ᠪᠠᠶᠢᠬᠤ ᠳᠤ ᠵᠡᠭᠦᠨᠪᠠᠶᠠᠨ ᠴᠢᠭᠯᠡᠯ ᠡᠴᠡ 10 ᠺᠢᠯᠣᠮᠧᠲ᠋ᠷ ᠲᠡᠮᠦᠷ ᠵᠠᠮ ᠤᠨ ᠠᠵᠢᠯ ᠳᠥᠩᠭᠡᠵᠢ 25 ᠬᠤᠪᠢ ᠲᠠᠢ ᠦᠷᠭᠦᠯᠵᠢᠯᠡᠵᠦ ᠪᠠᠶᠢᠭ᠎ᠠ ᠠᠰᠠᠭᠤᠳᠠᠯ ᠳᠤ ᠠᠩᠬᠠᠷᠤᠯ ᠬᠠᠨᠳᠤᠭᠤᠯᠬᠤ ᠶᠢ ᠶᠡᠷᠦᠩᠬᠡᠶᠢᠯᠡᠭᠴᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠤᠳᠤᠷᠢᠳᠤᠯᠭ᠎ᠠ ᠨᠠᠷ ᠲᠤ ᠡᠭᠦᠷᠭᠡ ᠪᠣᠯᠭᠠᠪᠠ᠃ ᠡᠭᠦᠨ ᠡᠴᠡ ᠭᠠᠳᠠᠨ᠎ᠠ ᠵᠠᠮ ᠤᠨ ᠵᠢᠷᠤᠭ ᠲᠥᠰᠥᠯ ᠦᠨ ᠠᠵᠢᠯ ᠢ ︽ᠮᠣᠩᠭᠣᠯ ᠤᠨ ᠲᠡᠮᠦᠷ ᠵᠠᠮ︾ ᠺᠣᠮᠫᠠᠨᠢ᠂ ︽ᠤᠯᠠᠭᠠᠨᠪᠠᠭᠠᠲᠤᠷ ᠤᠨ ᠲᠡᠮᠦᠷ ᠵᠠᠮ︾ ᠬᠠᠮᠲᠤᠷᠠᠭᠠᠳ ᠰᠢᠭᠤᠷᠬᠠᠢ ᠳᠠᠭᠤᠰᠬᠠᠬᠤ ᠶᠢ ᠠᠩᠬᠠᠷᠤᠭᠤᠯᠪᠠ᠃

ᠰᠡᠳᠬᠢᠭᠳᠡᠯ ᠦᠯᠡᠳᠡᠭᠡᠬᠦ