ᠲᠡᠮᠡᠭᠡᠴᠢᠳ ᠦᠨ ᠪᠠᠶᠠᠷ ᠢ ᠴᠠᠭᠠᠨ ᠰᠤᠪᠤᠷᠭ᠎ᠠ ᠳᠤ ᠵᠣᠬᠢᠶᠠᠨ ᠪᠠᠶᠢᠭᠤᠯᠤᠯ᠎ᠠ  | News.MN

 ᠲᠡᠮᠡᠭᠡᠴᠢᠳ ᠦᠨ ᠪᠠᠶᠠᠷ ᠢ ᠴᠠᠭᠠᠨ ᠰᠤᠪᠤᠷᠭ᠎ᠠ ᠳᠤ ᠵᠣᠬᠢᠶᠠᠨ ᠪᠠᠶᠢᠭᠤᠯᠤᠯ᠎ᠠ 

ᠳᠤᠮᠳᠠᠭᠤᠪᠢ ᠠᠶᠢᠮᠠᠭ 9 ᠳ᠋ᠤᠭᠡᠷ ᠰᠠᠷ᠎ᠠ ᠶᠢᠨ 5-10 ᠳᠤ ᠳᠣᠲᠣᠭᠠᠳᠤ ᠭᠠᠳᠠᠭᠠᠳᠤ ᠶᠢᠨ ᠠᠶᠠᠯᠠᠭᠴᠢ᠂ ᠵᠢᠭᠤᠯᠴᠢᠳ ᠲᠤ ᠵᠣᠷᠢᠭᠤᠯᠤᠭᠰᠠᠨ ︽ᠬᠤᠲᠠ ᠳᠤ ᠣᠶᠢᠷᠠᠬᠠᠨ ᠭᠣᠪᠢ︾ ᠴᠤᠪᠤᠷᠠᠯ ᠦᠵᠡᠭᠦᠯᠪᠦᠷᠢ ᠨᠦᠭᠦᠳ

ᠤᠨ ᠨᠢᠭᠡ- ︽ᠶᠡᠬᠡ ᠭᠣᠪᠢ ᠶᠢᠨ ᠲᠡᠮᠡᠭᠡ- 2019︾ ᠲᠡᠮᠡᠭᠡᠨ ᠰᠦᠷᠦᠭ ᠦᠨ ᠪᠠᠶᠠᠷ ᠢ ᠠᠶᠢᠮᠠᠭ ᠤᠨ ᠢᠶᠠᠨ ᠪᠠᠶᠢᠭᠠᠯᠢ ᠶᠢᠨ ᠦᠵᠡᠰᠬᠦᠯᠡᠩᠲᠦ ᠭᠠᠵᠠᠷ ᠤᠳ ᠤᠨ ᠨᠢᠭᠡ ︽ᠴᠠᠭᠠᠨ ᠰᠤᠪᠤᠷᠭ᠎ᠠ︾ ᠳᠦ ᠵᠣᠬᠢᠶᠠᠨ ᠪᠠᠶᠢᠭᠤᠯᠤᠭᠰᠠᠨ ᠶᠤᠮ᠃ ᠡᠨᠡᠬᠦ ᠪᠠᠶᠠᠷ ᠤᠨ ᠦᠶ᠎ᠡ ᠪᠡᠷ ᠶᠡᠬᠡ ᠭᠣᠪᠢ ᠶᠢᠨ ᠲᠡᠮᠡᠭᠡᠴᠢᠳ ᠦᠨ ᠳᠤᠮᠳᠠ ᠪᠦᠳᠦᠭᠦᠨ ᠲᠡᠮᠡᠭᠡᠨ ᠦ ᠪᠣᠯᠤᠨ  ᠲᠤᠷᠤᠮ ᠤᠨ ᠤᠷᠤᠯᠳᠤᠭᠠᠨ᠂ ᠭᠠᠩᠭᠠᠨ ᠬᠣᠣᠰ ᠰᠢᠯᠭᠠᠷᠠᠭᠤᠯᠬᠤ᠂ ᠪᠤᠶᠢᠯᠠ᠂ ᠪᠤᠷᠠᠨᠲᠠᠭ ᠲᠣᠮᠣᠬᠤ ᠲᠡᠮᠡᠴᠡᠭᠡᠨ᠂ ᠲᠡᠮᠡᠭᠡᠨ ᠠᠶᠠᠯᠠᠯ ᠵᠡᠷᠭᠡ ᠤᠷᠤᠯᠳᠤᠭᠠᠨ ᠲᠡᠮᠡᠴᠡᠭᠡᠨ ᠢ ᠵᠣᠬᠢᠶᠠᠨ ᠪᠠᠶᠢᠭᠤᠯᠵᠤ᠂ ᠰᠣᠯᠣᠩᠭᠣᠰ᠂ ᠢᠰᠫᠠᠨᠢ᠂ ᠭᠧᠷᠮᠠᠨ ᠵᠡᠷᠭᠡ ᠣᠷᠣᠨ ᠤ 200 ᠭᠠᠷᠤᠢ ᠵᠢᠭᠤᠯᠴᠢᠨ ᠦᠵᠡᠵᠦ ᠰᠣᠨᠢᠷᠬᠠᠵᠠᠢ᠃
ᠳᠤᠮᠳᠠᠭᠤᠪᠢ ᠠᠶᠢᠮᠠᠭ 2018 ᠣᠨ ᠤ ᠵᠢᠯ ᠦᠨ ᠡᠴᠦᠰ ᠲᠦ 39.6 ᠮᠢᠩᠭᠠᠨ ᠲᠡᠮᠡᠭᠡ ᠲᠣᠭᠠᠯᠠᠭᠤᠯᠵᠤ᠂ ᠤᠯᠤᠰ ᠤᠨ ᠬᠡᠮᠵᠢᠶᠡᠨ ᠳᠦ ᠲᠡᠮᠡᠭᠡᠨ ᠦ ᠪᠡᠨ ᠲᠣᠭ᠎ᠠ ᠪᠠᠷ ᠲᠠᠪᠤᠳᠤᠭᠠᠷ ᠲᠤ ᠵᠢᠭᠰᠠᠭᠰᠠᠨ ᠶᠤᠮ ᠃

ᠰᠡᠳᠬᠢᠭᠳᠡᠯ ᠦᠯᠡᠳᠡᠭᠡᠬᠦ