︽ᠲᠥᠯᠥᠪᠦᠷᠢ ᠶᠢᠨ ᠲᠡᠩᠴᠡᠯ ᠪᠠ ᠭᠠᠳᠠᠭᠠᠳᠤ ᠥᠷᠢ︾ ᠰᠡᠳᠦᠪᠲᠦ ᠬᠤᠷᠠᠯ ᠪᠣᠯᠤᠯ᠎ᠠ  | News.MN

 ︽ᠲᠥᠯᠥᠪᠦᠷᠢ ᠶᠢᠨ ᠲᠡᠩᠴᠡᠯ ᠪᠠ ᠭᠠᠳᠠᠭᠠᠳᠤ ᠥᠷᠢ︾ ᠰᠡᠳᠦᠪᠲᠦ ᠬᠤᠷᠠᠯ ᠪᠣᠯᠤᠯ᠎ᠠ 

ᠮᠣᠩᠭᠣᠯ ᠤᠯᠤᠰ ᠲᠤ ᠪᠠᠩᠬᠢᠨ ᠤ ᠰᠠᠯᠪᠤᠷᠢ ᠡᠭᠦᠰᠴᠦ ᠬᠥᠭᠵᠢᠭᠰᠡᠨ ᠦ 95 ᠵᠢᠯ ᠦᠨ ᠣᠢ ᠶᠢ ᠲᠣᠬᠢᠶᠠᠯᠳᠤᠭᠤᠯᠤᠨ᠂ ᠮᠣᠩᠭᠣᠯ ᠪᠠᠩᠬᠢᠨ ᠤ ᠰᠠᠨᠠᠭᠠᠴᠢᠯᠠᠭ᠎ᠠ ᠪᠠᠷ ︽ᠲᠥᠯᠥᠪᠦᠷᠢ ᠶᠢᠨ ᠲᠡᠩᠴᠡᠯ ᠪᠠ ᠭᠠᠳᠠᠭᠠᠳᠤ ᠥᠷᠢ︾ ᠰᠡᠳᠦᠪᠲᠦ ᠣᠨᠣᠯ ᠫᠷᠠᠺᠲ᠋ᠢᠭ ᠤᠨ ᠪᠠᠭ᠎ᠠ ᠬᠤᠷᠠᠯ ᠢ 2019 ᠣᠨ ᠤ 9 ᠳ᠋ᠤᠭᠡᠷ ᠰᠠᠷ᠎ᠠ ᠶᠢᠨ 17 ᠤ ᠡᠳᠦᠷ ᠵᠣᠬᠢᠶᠠᠨ ᠪᠠᠶᠢᠭᠤᠯᠤᠯ᠎ᠠ᠃
ᠬᠤᠷᠠᠯ ᠳᠤ ᠰᠠᠩᠬᠦᠦ᠂ ᠡᠳ᠋ ᠦᠨ ᠵᠠᠰᠠᠭ ᠤᠨ ᠰᠤᠳᠤᠯᠤᠭᠠᠴᠢ᠂ ᠰᠢᠨᠵᠢᠭᠡᠴᠢᠳ ᠣᠷᠣᠯᠴᠠᠵᠤ᠂ ᠮᠣᠩᠭᠣᠯ ᠤᠯᠤᠰ ᠤᠨ ᠡᠳ᠋ ᠍ ᠦᠨ ᠵᠠᠰᠠᠭ ᠤᠨ ᠭᠠᠳᠠᠭᠠᠳᠤ ᠲᠡᠩᠴᠡᠪᠦᠷᠢ᠂ ᠥᠷᠢᠰᠥᠯᠳᠥᠬᠦ ᠴᠢᠳᠠᠪᠤᠷᠢ ᠶᠢ ᠰᠠᠶᠢᠵᠢᠷᠠᠭᠤᠯᠬᠤ᠂  ᠸᠠᠯᠢᠶᠤᠲ ᠤᠨ ᠣᠷᠣᠯᠭ᠎ᠠ ᠶᠢ ᠨᠡᠮᠡᠭᠳᠡᠭᠦᠯᠬᠦ ᠪᠣᠯᠤᠮᠵᠢ᠂ ᠪᠣᠳᠣᠯᠭ᠎ᠠ ᠶᠢᠨ ᠠᠯᠬᠤᠮ ᠤᠳ ᠮᠥᠨ ᠭᠠᠳᠠᠭᠠᠳᠤ ᠥᠷᠢ ᠶᠢᠨ ᠤᠳᠤᠷᠢᠳᠤᠯᠭ᠎ᠠ ᠳᠤ ᠪᠠᠷᠢᠮᠲᠠᠯᠠᠬᠤ ᠰᠲᠷᠠᠲ᠋ᠧᠭᠢ ᠭᠡᠰᠡᠨ ᠦᠨᠳᠦᠰᠦᠨ ᠠᠰᠠᠭᠤᠳᠠᠯ ᠤᠳ ᠢᠶᠠᠷ  ᠰᠤᠳᠤᠯᠭᠠᠨ ᠰᠢᠨᠵᠢᠯᠡᠭᠡᠨ ᠦ ᠠᠵᠢᠯ ᠤᠳ ᠤᠨ ᠢᠶᠠᠨ ᠦᠷ᠎ᠡ ᠳ᠋ᠦᠩ ᠢ ᠬᠡᠯᠡᠯᠴᠡᠵᠦ᠂ ᠪᠠᠶᠢᠷᠢ ᠰᠠᠭᠤᠷᠢ ᠪᠠᠨ ᠢᠯᠡᠷᠬᠡᠶᠢᠯᠡᠵᠡᠭᠡᠯ᠎ᠡ᠃ ᠤᠭ ᠠᠰᠠᠭᠤᠳᠠᠯ ᠤᠳ ᠨᠢ ᠭᠠᠳᠠᠭᠠᠳᠤ ᠵᠠᠬ᠎ᠠ ᠵᠡᠭᠡᠯᠢ ᠶᠢᠨ ᠲᠣᠭᠲᠠᠪᠤᠷᠢ ᠦᠭᠡᠢ ᠪᠠᠶᠢᠳᠠᠯ᠂ ᠭᠠᠳᠠᠭᠠᠳᠤ ᠥᠷᠢ ᠶᠢᠨ ᠡᠷᠭᠢᠨ ᠲᠥᠯᠦᠯᠲᠡ ᠶᠢᠨ ᠳᠠᠷᠤᠮᠲᠠ ᠨᠡᠮᠡᠭᠳᠡᠵᠦ ᠪᠠᠶᠢᠭ᠎ᠠ ᠥᠨᠥ ᠶᠢᠨ ᠨᠥᠬᠥᠴᠡᠯ ᠳᠦ ᠴᠢᠬᠤᠯᠠ ᠠᠴᠢ ᠬᠣᠯᠪᠣᠭᠳᠠᠯ ᠲᠠᠢ ᠶᠤᠮ᠃

ᠰᠡᠳᠬᠢᠭᠳᠡᠯ ᠦᠯᠡᠳᠡᠭᠡᠬᠦ