ᠪᠠᠭ ᠤᠨ ᠳ᠋ᠦᠩ ᠢᠶᠡᠷ ᠳᠣᠯᠣᠳᠤᠭᠠᠷ ᠪᠠᠶᠢᠷᠢ ᠡᠵᠡᠯᠡᠯ᠎ᠡ  | News.MN

  ᠪᠠᠭ ᠤᠨ ᠳ᠋ᠦᠩ ᠢᠶᠡᠷ ᠳᠣᠯᠣᠳᠤᠭᠠᠷ ᠪᠠᠶᠢᠷᠢ ᠡᠵᠡᠯᠡᠯ᠎ᠡ 

ᠭᠠᠯ ᠤᠨᠲᠠᠷᠠᠭᠠᠬᠤ ᠲᠧᠭᠨᠢᠭ ᠦᠨ ᠣᠯᠠᠨ ᠲᠦᠷᠦᠯᠲᠦ ᠰᠫᠣᠷᠲ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ 15 ᠳ᠋ᠡᠬᠢ ᠤᠳᠠᠭ᠎ᠠ ᠶᠢᠨ ᠲᠡᠮᠡᠴᠡᠭᠡᠨ ᠤᠷᠤᠰ ᠲᠤ ᠠᠮᠵᠢᠯᠲᠠ ᠲᠠᠢ ᠪᠣᠯᠵᠤ ᠥᠨᠳᠥᠷᠯᠡᠯ᠎ᠡ᠃
ᠡᠨᠡ ᠤᠳᠠᠭ᠎ᠠ ᠶᠢᠨ ᠲᠡᠮᠡᠴᠡᠭᠡᠨ ᠳᠦ ᠮᠣᠩᠭᠣᠯ᠂ ᠴᠸᠾᠤ᠋᠂ ᠦᠺᠷᠠᠶᠢᠨ᠂ ᠪᠸᠯᠠᠷᠤᠰ᠂ ᠣᠷᠣᠰ᠂ ᠬᠢᠲᠠᠳ ᠂ ᠬᠠᠰᠠᠭᠰᠲ᠋ᠠᠨ᠂ ᠰᠯᠣᠸᠠᠺ᠂  ᠫᠤᠯᠱᠠ᠂ ᠭᠧᠷᠮᠠᠨ᠂ ᠦᠽᠪᠸᠺᠰᠲ᠋ᠠᠨ᠂ ᠠᠽᠧᠷᠪᠠᠶᠢᠵᠠᠨ᠂ ᠠᠦ᠋ᠰᠲᠷᠢᠶ᠎ᠠ᠂  ᠪᠤᠯᠭᠠᠷᠢᠶ᠎ᠠ᠂  ᠾᠤᠷᠸᠠᠲ ᠵᠡᠷᠭᠡ ᠨᠡᠶᠢᠲᠡ 17 ᠣᠷᠣᠨ ᠤ ᠡᠷᠡᠭᠲᠡᠢ᠂ ᠡᠮᠡᠭᠲᠡᠢ ᠪᠠᠭ ᠲᠠᠮᠢᠷᠴᠢᠳ ᠣᠷᠣᠯᠴᠠᠵᠤ ᠮᠠᠨ ᠤ ᠲᠠᠮᠢᠷᠴᠢᠳ ᠪᠠᠭ ᠤᠨ ᠳ᠋ᠦᠩ ᠢᠶᠡᠷ 7 ᠳ᠋ᠤᠭᠠᠷ ᠪᠠᠶᠢᠷᠢ ᠳᠤ ᠣᠷᠣᠭᠰᠠᠨ ᠠᠮᠵᠢᠯᠲᠠ ᠦᠵᠡᠭᠦᠯᠦᠭᠰᠡᠨ ᠪᠠᠶᠢᠨ᠎ᠠ᠃
ᠲᠤᠰ ᠲᠡᠮᠡᠴᠡᠭᠡᠨ ᠳᠦ ᠮᠣᠩᠭᠣᠯ ᠤᠯᠤᠰ ᠤᠨ ᠪᠠᠭ ᠤᠨ ᠠᠬᠠᠯᠠᠭᠴᠢ᠂  ᠬᠤᠷᠠᠩᠳᠠ ᠼ∙ᠨᠢᠮᠠᠪᠠᠶᠠᠷ᠂ ᠶᠡᠷᠦᠩᠬᠡᠢ ᠳᠠᠰᠬᠠᠯᠵᠢᠭᠤᠯᠤᠭᠴᠢ᠂ ᠪᠡᠯᠡᠳᠬᠡᠯ ᠬᠤᠷᠠᠩᠳᠠ ᠭ∙ᠪᠠᠲᠤᠲᠡᠭᠦᠰ ᠨᠠᠷ ︽ᠰᠠᠭᠠᠳ ᠲᠠᠢ 100m ᠭᠦᠶᠦᠯᠲᠡ︾᠂ ︽4X 100m ᠪᠤᠤᠬᠢᠶ᠎ᠠ ᠭᠦᠶᠦᠯᠲᠡ︾ ᠶᠢᠨ ᠲᠥᠷᠥᠯ ᠦᠳ ᠲᠦ ᠰᠢᠭᠦᠭᠴᠢ ᠪᠡᠷ ᠣᠷᠣᠵᠤ ᠠᠵᠢᠯᠯᠠᠭᠰᠠᠨ ᠶᠤᠮ ᠭᠡᠵᠦ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ