ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠶᠢᠰᠦᠳᠦᠭᠡᠷ ᠰᠠᠷ᠎ᠠ ᠶᠢᠨ18 ᠤ ᠡᠳᠦᠷ ᠪᠣᠯᠵᠤ ᠳᠠᠷᠠᠭᠠᠬᠢ ᠠᠰᠠᠭᠤᠳᠠᠯ ᠤᠳ ᠢ ᠬᠡᠯᠡᠯᠴᠡᠨ ᠰᠢᠢᠳᠪᠦᠷᠢᠯᠡᠯ᠎ᠡ᠃
1. ᠪᠠᠶᠢᠭᠠᠯᠢ ᠤᠷᠴᠢᠨ ᠳᠤ ᠦᠵᠡᠭᠦᠯᠵᠦ ᠪᠠᠶᠢᠭ᠎ᠠ ᠰᠥᠷᠭᠦ ᠨᠥᠯᠥᠭᠡᠯᠡᠯ ᠢ ᠠᠷᠢᠯᠭᠠᠬᠤ᠂ ᠪᠠᠶᠢᠭᠠᠯᠢ ᠣᠷᠴᠢᠨ ᠢ ᠬᠠᠮᠠᠭᠠᠯᠠᠬᠤ᠂ ᠨᠥᠬᠥᠨ ᠰᠡᠷᠭᠦᠭᠡᠬᠦ ᠪᠣᠯᠤᠨ ᠬᠠᠤᠯᠢ ᠪᠤᠰᠤ ᠦᠢᠯᠡᠳᠦᠯ ᠢ ᠲᠠᠰᠤᠯᠤᠨ ᠵᠣᠭᠰᠣᠭᠠᠵᠤ ᠪᠠᠶᠢᠭ᠎ᠠ ᠠᠵᠢᠯ ᠢᠶᠠᠨ ᠤᠯᠠᠮ ᠡᠷᠴᠢᠮᠵᠢᠭᠦᠯᠬᠦ ᠶᠢ ᠡᠭᠦᠷᠭᠡ ᠪᠣᠯᠭᠠᠪᠠ᠃ ᠲᠤᠬᠠᠶᠢᠯᠠᠪᠠᠯ᠄ ᠪᠢᠴᠢᠯ ᠠᠭᠤᠷᠬᠠᠢ ᠡᠷᠬᠢᠯᠡᠬᠦ ᠡᠷᠬᠡ ᠣᠯᠭᠤᠭᠰᠠᠨ ᠬᠠᠤᠯᠢ ᠪᠤᠰᠤ ᠭᠡᠷ᠎ᠡ ᠨᠦᠭᠦᠳ ᠢ ᠴᠤᠴᠠᠯᠠᠬᠤ ᠶᠢ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠵᠠᠰᠠᠭ ᠳᠠᠷᠤᠭ᠎ᠠ ᠨᠠᠷ ᠲᠤ ︔ ᠠᠰᠢᠭᠲᠤ ᠮᠠᠯᠲᠠᠮᠠᠯ ᠬᠠᠤᠯᠢ ᠪᠤᠰᠤ ᠪᠠᠷ ᠣᠯᠪᠤᠷᠢᠯᠠᠭᠰᠠᠨ ᠲᠠᠯᠠᠪᠠᠢ ᠳᠤ ᠨᠥᠬᠥᠨ ᠰᠡᠷᠭᠦᠭᠡᠯᠲᠡ ᠬᠢᠯᠭᠡᠬᠦ ᠶᠢ ᠬᠤᠯᠪᠤᠭᠳᠠᠬᠤ ᠶᠠᠮᠤᠨ ᠤ ᠰᠠᠶᠢᠳ ᠨᠠᠷ ᠲᠤ︔ ᠪᠢᠴᠢᠯ ᠠᠭᠤᠷᠬᠠᠢ ᠶᠢᠨ ᠳ᠋ᠦᠩᠨᠡᠯᠲᠡ ᠦᠭᠡᠢ ᠲᠠᠯᠠᠪᠠᠢ ᠳᠤ ᠠᠰᠢᠭᠲᠤ ᠮᠠᠯᠲᠠᠮᠠᠯ ᠣᠯᠪᠤᠷᠢᠯᠠᠵᠤ ᠪᠠᠶᠢᠭ᠎ᠠ ᠡᠰᠡᠬᠦ ᠳᠦ ᠬᠢᠨᠠᠯᠲᠠ ᠲᠠᠯᠪᠢᠬᠤ︔ ᠬᠠᠤᠯᠢ ᠪᠤᠰᠤ ᠪᠠᠷ ᠠᠰᠢᠭᠲᠤ ᠮᠠᠯᠲᠠᠮᠠᠯ ᠣᠯᠪᠤᠷᠢᠯᠠᠬᠤ ᠳᠤ ᠠᠰᠢᠭᠯᠠᠭᠰᠠᠨ ᠲᠧᠭᠨᠢᠭ᠂ ᠲᠣᠨᠣᠭ ᠲᠥᠬᠥᠭᠡᠷᠦᠮᠵᠢ ᠨᠦᠭᠦᠳ ᠢ ᠲᠠᠯᠠᠪᠠᠢ ᠠᠴᠠ ᠭᠠᠷᠭᠠᠬᠤ᠂ ᠬᠠᠷᠠᠭᠤᠯ ᠬᠠᠮᠠᠭᠠᠯᠠᠯᠲᠠ ᠲᠠᠯᠪᠢᠬᠤ ᠶᠢ ᠴᠠᠭᠳᠠᠭ᠎ᠠ ᠶᠢᠨ ᠶᠡᠷᠦᠩᠬᠡᠢ ᠭᠠᠵᠠᠷ ᠪᠣᠯᠤᠨ ᠮᠡᠷᠭᠡᠵᠢᠯ ᠦᠨ ᠬᠢᠨᠠᠯᠲᠠ ᠶᠢᠨ ᠶᠡᠷᠦᠩᠬᠡᠢ ᠭᠠᠵᠠᠷ ᠤᠨ ᠳᠠᠷᠤᠭ᠎ᠠ ᠨᠠᠷ ᠲᠤ • ᠬᠠᠤᠯᠢ ᠪᠤᠰᠤ ᠪᠠᠷ ᠪᠢᠴᠢᠯ ᠠᠭᠤᠷᠬᠠᠢ ᠡᠷᠬᠢᠯᠡᠭᠴᠢᠳ ᠦᠨ ᠰᠤᠳᠤᠯᠭᠠᠨ ᠢ ᠭᠠᠷᠭᠠᠵᠤ᠂ ᠬᠥᠳᠡᠯᠮᠦᠷᠢ ᠡᠷᠬᠢᠯᠡᠯᠲᠡ ᠶᠢ ᠳᠡᠮᠵᠢᠬᠦ ᠴᠢᠭᠯᠡᠯ ᠢᠶᠡᠷ ᠠᠵᠢᠯᠯᠠᠬᠤ ᠶᠢ ᠰᠠᠶᠢᠳ ᠰ∙ᠴᠢᠩᠵᠣᠷᠢᠭ᠂ ᠵᠠᠰᠠᠭ ᠳᠠᠷᠤᠭ᠎ᠠ ᠨᠠᠷ ᠲᠤ ᠳᠠᠭᠠᠭᠠᠯᠭᠠᠪᠠ᠃
2. ᠡᠷᠳᠡᠨᠢᠪᠦ᠋ᠷᠢᠨ ᠣ ᠤᠰᠤᠨ ᠴᠠᠬᠢᠯᠭᠠᠨ ᠰᠲ᠋ᠠᠨᠼ ᠪᠠᠷᠢᠬᠤ ᠵᠣᠷᠢᠯᠭ᠎ᠠ ᠪᠠᠷ 28 ᠮᠢᠩᠭᠠᠨ ᠭᠠ ᠭᠠᠵᠠᠷ ᠢ ᠤᠯᠤᠰ ᠤᠨ ᠲᠤᠰᠬᠠᠢ ᠬᠡᠷᠡᠭᠴᠡᠭᠡᠨ ᠳᠦ ᠠᠪᠤᠯ᠎ᠠ ᠃ ᠡᠨᠡ ᠭᠠᠵᠠᠷ ᠨᠢ ᠬᠣᠪᠳᠣ ᠠᠶᠢᠮᠠᠭ ᠤᠨ ᠡᠷᠳᠡᠨᠢᠪᠦ᠋ᠷᠢᠨ᠂ ᠮᠢᠩᠭᠠᠳ᠂ ᠪᠠᠶᠠᠨ-ᠥᠯᠥᠭᠡᠢ ᠠᠶᠢᠮᠠᠭ ᠤᠨ ᠪᠠᠶᠠᠨᠨᠠᠭᠤᠷ᠂ ᠤᠪᠰᠤ ᠠᠶᠢᠮᠠᠭ ᠤᠨ ᠡᠮᠦᠨᠡᠭᠣᠪᠢ ᠰᠤᠮᠤ ᠶᠢᠨ ᠨᠤᠲᠤᠭ ᠳᠡᠪᠢᠰᠬᠡᠷ ᠢ ᠳᠠᠮᠨᠠᠨ ᠤᠷᠤᠰᠢᠳᠠᠭ᠃ ᠤᠰᠤᠨ ᠴᠠᠬᠢᠯᠭᠠᠨ ᠰᠲ᠋ᠠᠨᠼ ᠢ ᠳᠥᠷᠪᠡᠨ ᠵᠢᠯ ᠦᠨ ᠳᠣᠲᠣᠷ᠎ᠠ ᠪᠠᠷᠢᠵᠤ ᠠᠰᠢᠭᠯᠠᠯᠲᠠ ᠳᠤ ᠣᠷᠣᠭᠤᠯᠤᠭᠰᠠᠨ ᠢᠶᠠᠷ ᠪᠠᠷᠠᠭᠤᠨ ᠪᠥᠰᠡ ᠶᠢ ᠳᠣᠲᠣᠭᠠᠳᠤ ᠶᠢᠨ ᠡᠷᠴᠢᠮ ᠬᠦᠴᠦ ᠪᠡᠷ ᠬᠠᠩᠭᠠᠬᠤ ᠪᠣᠯᠤᠮᠵᠢ ᠪᠥᠷᠢᠳᠦᠨ᠎ᠡ᠃ ᠰᠲ᠋ᠠᠨᠼ ᠪᠠᠷᠢᠬᠤ ᠳᠤ ᠱᠠᠭᠠᠷᠳᠠᠭᠳᠠᠬᠤ 288.5 ᠰᠠᠶ᠎ᠠ ᠳ᠋ᠣᠯᠯᠠᠷ ᠤᠨ 274 ᠰᠠᠶ᠎ᠠ ᠶᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠨᠢᠭᠡ ᠲᠡᠷᠪᠤᠮ ᠳ᠋ᠣᠯᠯᠠᠷ ᠤᠨ ᠬᠥᠩᠭᠡᠯᠡᠯᠲᠡ ᠲᠡᠢ ᠵᠢᠭᠡᠯᠡ ᠡᠴᠡ᠂ ᠦᠯᠡᠳᠡᠭᠰᠡᠨ ᠢ ᠤᠯᠤᠰ ᠤᠨ ᠲᠥᠰᠥᠪ ᠡᠴᠡ ᠭᠠᠷᠭᠠᠬᠤ ᠶᠤᠮ᠃