︽ᠮᠣᠩᠭᠣᠯ ᠤᠨ ᠡᠵᠡᠨᠲᠦ ᠤᠯᠤᠰ ᠤᠨ ᠲᠡᠦᠬᠡ︾ ᠬᠡᠪᠯᠡᠭᠳᠡᠯ᠎ᠡ  | News.MN

 ︽ᠮᠣᠩᠭᠣᠯ ᠤᠨ ᠡᠵᠡᠨᠲᠦ ᠤᠯᠤᠰ ᠤᠨ ᠲᠡᠦᠬᠡ︾ ᠬᠡᠪᠯᠡᠭᠳᠡᠯ᠎ᠡ 

ᠠᠷᠪᠠᠨ ᠭᠤᠷᠪᠠ᠂ ᠳᠦᠷᠪᠡᠳᠦᠭᠡᠷ ᠵᠠᠭᠤᠨ ᠳᠤ ᠴᠢᠩᠭᠢᠰ ᠬᠠᠭᠠᠨ ᠪᠣᠯᠤᠨ ᠲᠡᠭᠦᠨ ᠢ ᠵᠠᠯᠭᠠᠮᠵᠢᠯᠠᠭᠴᠢ ᠶᠡᠬᠡ ᠬᠠᠭᠠᠳ ᠠᠽᠢᠶ᠎ᠠ᠂ ᠧᠦ᠋ᠷᠣᠫᠠ ᠶᠢ ᠳᠠᠮᠨᠠᠭᠰᠠᠨ ᠠᠰᠤᠷᠤ ᠠᠭᠤᠳᠠᠮ ᠨᠤᠲᠤᠭ ᠢ ᠪᠠᠶᠢᠯᠳᠤᠨ ᠳᠠᠭᠠᠭᠤᠯᠵᠤ ᠂ ᠨᠣᠮᠣᠬᠠᠨ ᠳᠠᠯᠠᠢ ᠠᠴᠠ ᠫᠧᠷᠰ ᠦᠨ ᠪᠤᠯᠤᠩ ᠬᠦᠷᠲᠡᠯᠡᠬᠢ ᠣᠯᠠᠨ ᠤᠯᠤᠰ ᠣᠷᠣᠨ ᠢ ᠡᠷᠬᠡᠰᠢᠶᠡᠯ ᠳᠦ ᠪᠡᠨ ᠣᠷᠣᠭᠤᠯᠤᠭᠰᠠᠨ ᠳᠡᠯᠡᠬᠡᠢ ᠶᠢᠨ ᠡᠵᠡᠨᠲᠦ ᠭᠦᠷᠦᠨ ᠢ ᠪᠠᠶᠢᠭᠤᠯᠤᠭᠰᠠᠨ ᠪᠢᠯᠡ᠃ ᠮᠣᠩᠭᠣᠯ ᠤᠨ ᠡᠵᠡᠨᠲᠦ ᠭᠦᠷᠦᠨ ᠨᠢ ᠳᠡᠯᠡᠬᠡᠢ ᠶᠢᠨ ᠬᠠᠭᠤᠷᠠᠢ ᠭᠠᠵᠠᠷ ᠤᠨ ᠲᠡᠩ ᠬᠠᠭᠠᠰ ᠠᠴᠠ ᠢᠯᠡᠭᠦᠦ ᠶᠢ ᠡᠷᠬᠡᠰᠢᠶᠡᠯ ᠳᠦ ᠪᠡᠨ ᠣᠷᠣᠭᠤᠯᠵᠤ ᠂ 200 ᠭᠠᠷᠤᠢ ᠵᠢᠯ ᠣᠷᠣᠰᠢᠨ ᠲᠣᠭᠲᠠᠨᠢᠬᠤ ᠳᠤ ᠪᠠᠨ ᠥᠷᠥᠨ᠎ᠡ᠂ ᠳᠣᠷᠣᠨ᠎ᠠ ᠶᠢᠨ ᠣᠯᠠᠨ ᠣᠷᠣᠨ ᠤ ᠡᠳ᠋ ᠍ ᠦᠨ ᠵᠠᠰᠠᠭ᠂ ᠰᠤᠶᠤᠯ ᠤᠨ ᠰᠣᠯᠢᠯᠴᠠᠭᠠᠨ ᠤ ᠨᠢᠭᠡᠳᠦᠯ ᠳᠦ ᠲᠤᠯᠭᠠᠭᠤᠷᠢᠯᠠᠭᠰᠠᠨ ᠬᠥᠭᠵᠢᠯ ᠦᠨ ᠰᠢᠨ᠎ᠡ ᠡᠷᠡᠨ ᠢ ᠨᠡᠭᠡᠭᠡᠵᠦ ᠥᠭᠭᠦᠭᠰᠡᠨ ᠪᠥᠭᠡᠳ ᠲᠡᠷᠡ ᠨᠢ ᠬᠦᠮᠦᠨ ᠲᠥᠷᠥᠯᠬᠢᠲᠡᠨ ᠦ ᠲᠡᠦᠬᠡᠨ ᠳᠦ ᠳᠠᠬᠢᠨ ᠳᠠᠪᠲᠠᠭᠳᠠᠭ᠎ᠠ ᠦᠭᠡᠢ ᠶᠤᠮ᠃ ᠡᠨᠡ ᠲᠠᠯ᠎ᠠ ᠪᠠᠷ ᠳᠡᠯᠡᠬᠡᠢ ᠶᠢᠨ ᠣᠯᠠᠨ ᠣᠷᠣᠨ ᠳᠤ ᠰᠤᠷᠪᠤᠯᠵᠢ᠂ ᠰᠤᠳᠤᠯᠭᠠᠨ ᠤ ᠵᠣᠬᠢᠶᠠᠯ ᠤᠳ ᠲᠠᠰᠤᠷᠠᠯᠲᠠ ᠦᠭᠡᠢ ᠬᠡᠪᠯᠡᠭᠳᠡᠭᠰᠡᠭᠡᠷ ᠪᠠᠶᠢᠭ᠎ᠠ ᠪᠥᠭᠡᠳ ᠮᠣᠩᠭᠣᠯ ᠤᠯᠤᠰ ᠤᠨ ᠲᠡᠦᠬᠡᠴᠢ ᠡᠷᠳᠡᠮᠲᠡᠳ ᠡᠨᠡ ᠰᠡᠳᠦᠪ ᠢᠶᠡᠷ ᠴᠥᠭᠡᠨ ᠦᠭᠡᠢ ᠪᠦᠲᠦᠭᠡᠯ ᠢ ᠲᠤᠭᠤᠷᠪᠢᠭᠰᠠᠨ ᠪᠢᠯᠡ᠃ 2006 ᠣᠨ ᠳᠤ ᠶᠡᠬᠡ ᠮᠣᠩᠭᠣᠯ ᠤᠯᠤᠰ ᠪᠠᠶᠢᠭᠤᠯᠤᠭᠳᠠᠭᠰᠠᠨ ᠤ 800 ᠵᠢᠯ ᠦᠨ ᠣᠢ ᠶᠢ ᠲᠣᠬᠢᠶᠠᠯᠳᠤᠭᠤᠯᠤᠨ  ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠲᠡᠦᠬᠡ ᠶᠢᠨ ᠬᠦᠷᠢᠶᠡᠯᠡᠩ ᠡᠴᠡ ︽ᠶᠡᠬᠡ ᠮᠣᠩᠭᠣᠯ ᠤᠯᠤᠰ︾᠂ ︽ᠮᠣᠩᠭᠣᠯ ᠤᠨ ᠶᠤᠸᠠᠨ ᠤᠯᠤᠰ︾᠂ ︽ᠮᠣᠩᠭᠣᠯ ᠤᠨ ᠠᠯᠲᠠᠨ ᠣᠷᠳᠣᠨ ᠤ ᠤᠯᠤᠰ︾᠂ ︽ᠮᠣᠩᠭᠣᠯ ᠤᠨ ᠴᠠᠭᠠᠳᠠᠢ ᠶᠢᠨ ᠤᠯᠤᠰ︾᠂ ︽ᠮᠣᠩᠭᠣᠯ ᠤᠨ ᠢᠯ ᠬᠠᠭᠠᠨᠲᠤ ᠤᠯᠤᠰ︾ ᠬᠡᠮᠡᠬᠦ ᠲᠠᠪᠤᠨ ᠳᠡᠪᠲᠡᠷ ᠪᠦᠲᠦᠭᠡᠯ ᠢ ᠤᠩᠰᠢᠭᠴᠢ ᠤᠯᠠᠨ ᠳᠤ ᠡᠷᠭᠦᠨ ᠪᠠᠷᠢᠭᠰᠠᠨ ᠪᠢᠯᠡ᠃ ᠲᠡᠳᠡᠭᠡᠷ ᠪᠦᠲᠦᠭᠡᠯ ᠬᠡᠪᠯᠡᠭᠳᠡᠨ ᠭᠠᠷᠤᠭᠰᠠᠨ ᠴᠠᠭ ᠠᠴᠠ ᠬᠣᠶᠢᠰᠢ ᠮᠣᠩᠭᠣᠯ ᠤᠨ ᠡᠵᠡᠨᠲᠦ ᠤᠯᠤᠰ ᠤᠨ ᠲᠡᠦᠬᠡ ᠶᠢᠨ ᠲᠠᠯ᠎ᠠ ᠪᠠᠷ ᠣᠯᠠᠨ ᠲᠣᠭᠠᠨ ᠤ ᠰᠤᠳᠤᠯᠭᠠᠨ ᠤ ᠵᠣᠬᠢᠶᠠᠯ ᠪᠦᠲᠦᠭᠡᠯ᠂ ᠰᠤᠷᠪᠤᠯᠵᠢ ᠨᠤᠭᠤᠳ ᠬᠡᠪᠯᠡᠭᠳᠡᠨ ᠭᠠᠷᠤᠭᠰᠠᠨ ᠶᠤᠮ᠃ ᠲᠡᠶᠢᠮᠦ ᠡᠴᠡ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠲᠡᠦᠬᠡ᠂ ᠤᠭᠰᠠᠭᠠᠲᠠᠨ ᠤ ᠵᠦᠢ ᠶᠢᠨ ᠬᠦᠷᠢᠶᠡᠯᠡᠩ ᠦᠨ ᠮᠣᠩᠭᠣᠯ ᠤᠨ ᠡᠵᠡᠨᠲᠦ ᠭᠦᠷᠦᠨ ᠦ ᠰᠠᠯᠪᠤᠷᠢ ᠶᠢᠨ ᠰᠤᠳᠤᠯᠤᠭᠠᠴᠢᠳ᠂ ᠪᠤᠰᠤᠳ ᠲᠡᠦᠬᠡᠴᠢᠳ ᠦᠨ ᠰᠡᠭᠦᠯ ᠦᠨ 10 ᠭᠠᠷᠤᠢ ᠵᠢᠯ ᠦᠨ ᠲᠤᠷᠰᠢ ᠬᠢᠭᠳᠡᠭᠰᠡᠨ ᠰᠤᠳᠤᠯᠭᠠᠨ ᠳᠤ ᠲᠦᠰᠢᠭᠯᠡᠨ ᠮᠣᠩᠭᠣᠯ ᠤᠨ ᠡᠵᠡᠨᠲᠦ ᠭᠦᠷᠦᠨ ᠦ ᠪᠦᠷᠢᠨ ᠲᠡᠦᠬᠡ 5 ᠪᠣᠲᠢ ᠵᠣᠬᠢᠶᠠᠯ ᠢ ᠨᠡᠮᠡᠵᠦ ᠵᠠᠰᠠᠪᠤᠷᠢᠯᠠᠬᠤ ᠪᠤᠶᠤ ᠰᠢᠨ᠎ᠡ ᠪᠡᠷ ᠲᠤᠭᠤᠷᠪᠢᠭᠰᠠᠨ ᠶᠤᠮ᠃
︽ᠮᠣᠩᠭᠣᠯ ᠤᠨ ᠡᠵᠡᠨᠲᠦ ᠤᠯᠤᠰ ᠤᠨ ᠲᠡᠦᠬᠡ︾ ᠴᠤᠪᠤᠷᠠᠯ ᠤᠨ ᠲᠡᠷᠢᠭᠦᠨ ᠪᠣᠲᠢ ︽ᠶᠡᠬᠡ ᠮᠣᠩᠭᠣᠯ ᠤᠯᠤᠰ︾ ᠪᠦᠲᠦᠭᠡᠯ ᠢ ᠠᠺᠠᠳᠧᠮᠢᠴᠢ ᠵ∙ᠪᠣᠯᠣᠳᠪᠠᠭᠠᠲᠤᠷ᠂ ᠳ᠋ᠣᠺᠲ᠋ᠣᠷ ᠼ∙ᠰᠡᠷᠡᠩᠳᠣᠷᠵᠢ᠂ ᠳ᠋ᠣᠺᠲ᠋ᠣᠷ᠂ ᠫᠷᠣᠹᠧᠰᠰᠣᠷ ᠰ∙ᠴᠣᠯᠮᠣᠨ᠂ ᠳ᠋ᠣᠺᠲ᠋ᠣᠷ ᠠ᠊∙ᠫᠤᠩᠰᠤᠭ᠂ ᠳ᠋ᠣᠺᠲ᠋ᠣᠷ ᠼ∙ᠡᠩᠬᠡᠴᠢᠮᠡᠭ ᠨᠠᠷ ᠬᠠᠮᠲᠤᠷᠠᠨ ᠪᠢᠴᠢᠪᠡ᠃ ᠲᠤᠰ ᠪᠦᠲᠦᠭᠡᠯ ᠳᠦ ᠾᠦᠩᠨᠤ ᠡᠴᠡ ᠡᠬᠢ ᠲᠡᠢ ᠮᠣᠩᠭᠣᠯ ᠲᠥᠷᠥ ᠶᠢᠨ ᠤᠯᠠᠮᠵᠢᠯᠠᠯ ᠳᠤ ᠲᠤᠯᠭᠠᠭᠤᠷᠢᠯᠠᠨ ᠪᠠᠶᠢᠭᠤᠯᠤᠭᠳᠠᠭᠰᠠᠨ ᠮᠣᠩᠭᠣᠯ ᠤᠨ ᠬᠠᠨᠯᠢᠭ ᠠᠴᠠ ᠡᠬᠢᠯᠡᠭᠡᠳ᠂ ᠴᠢᠩᠭᠢᠰ ᠬᠠᠭᠠᠨ᠂ ᠦᠭᠡᠳᠡᠢ᠂ ᠭᠦᠶᠦᠭ᠂ ᠮᠥᠩᠬᠡ ᠬᠠᠭᠠᠨ ᠤ ᠦᠶ᠎ᠡ ᠶᠢ ᠬᠦᠷᠲᠡᠯᠡᠬᠢ ᠮᠣᠩᠭᠣᠯ ᠤᠯᠤᠰ ᠤᠨ ᠲᠡᠦᠬᠡ ᠶᠢ ᠪᠠᠭᠲᠠᠭᠠᠭᠰᠠᠨ ᠠᠭᠠᠳ ᠰᠡᠭᠦᠯ ᠦᠨ ᠦᠶ᠎ᠡ ᠶᠢᠨ ᠲᠡᠦᠬᠡ᠂ ᠠᠷᠬᠧᠣᠯᠣᠭᠢ ᠶᠢᠨ ᠰᠤᠳᠤᠯᠭᠠᠨ ᠤ ᠣᠯᠤᠯᠲᠠ ᠶᠢ ᠠᠯᠢ ᠪᠣᠯᠬᠤ ᠠᠰᠢᠭᠯᠠᠬᠤ ᠶᠢ ᠣᠷᠣᠯᠳᠤᠭᠰᠠᠨ ᠤ ᠳᠡᠭᠡᠷ᠎ᠡ᠂ ᠪᠢᠴᠢᠭ ᠦᠨ ᠰᠤᠷᠪᠤᠯᠵᠢ ᠶᠢᠨ ᠮᠡᠳᠡᠭᠡ ᠶᠢ ᠳᠡᠯᠭᠡᠷ ᠡᠰᠢ ᠲᠠᠲᠠᠵᠤ᠂ ᠪᠠᠲᠤᠯᠠᠭ᠎ᠠ ᠨᠣᠲᠠᠯᠠᠭ᠎ᠠ ᠪᠣᠯᠭᠠᠬᠤ ᠶᠢ ᠬᠢᠴᠢᠶᠡᠭᠰᠡᠨ ᠪᠣᠯᠤᠨ᠎ᠠ᠃ ︽ᠮᠣᠩᠭᠣᠯ ᠤᠨ ᠡᠵᠡᠨᠲᠦ ᠤᠯᠤᠰ ᠤᠨ ᠲᠡᠦᠬᠡ︾ ᠴᠤᠪᠤᠷᠠᠯ ᠤᠨ ᠬᠤᠶᠠᠳᠤᠭᠠᠷ ᠪᠣᠲᠢ ︽ᠮᠣᠩᠭᠣᠯ ᠤᠨ ᠶᠤᠸᠠᠨ ᠤᠯᠤᠰ︾ ᠵᠣᠬᠢᠶᠠᠯ ᠳᠤ ᠶᠤᠸᠠᠨ ᠤᠯᠤᠰ ᠲᠤ ᠲᠥᠷᠥ ᠶᠢᠨ ᠲᠥᠪᠯᠡᠷᠡᠭᠰᠡᠨ ᠡᠷᠬᠡ ᠶᠢ ᠴᠢᠩᠭᠠᠳᠬᠠᠭᠰᠠᠨ ᠨᠢ ᠤᠯᠤᠰ ᠲᠥᠷᠥ ᠲᠡᠳᠦᠢ ᠦᠭᠡᠢ᠂ ᠡᠳ᠋ ᠍ ᠦᠨ ᠵᠠᠰᠠᠭ ᠤᠨ ᠬᠤᠪᠢ ᠳᠤ ᠣᠯᠠᠨ ᠲᠥᠷᠥᠯ ᠦᠨ ᠠᠵᠤ ᠠᠬᠤᠢ ᠶᠢ ᠵᠡᠷᠭᠡᠴᠡᠭᠦᠯᠦᠨ ᠬᠥᠭᠵᠢᠭᠦᠯᠦᠭᠰᠡᠨ ᠲᠤᠬᠠᠢ ᠵᠡᠷᠭᠡ ᠨᠡᠶᠢᠭᠡᠮ᠂ ᠡᠳ᠋ ᠍ ᠦᠨ ᠵᠠᠰᠠᠭ ᠤᠨ ᠲᠡᠦᠬᠡ ᠶᠢᠨ ᠲᠠᠯ᠎ᠠ ᠪᠠᠷ ᠲᠣᠳᠣᠷᠬᠠᠢ ᠰᠠᠨᠠᠯ ᠤᠳ ᠢ ᠳᠡᠪᠰᠢᠭᠦᠯᠦᠭᠰᠡᠨ ᠪᠠᠶᠢᠨ᠎ᠠ᠃
︽ᠮᠣᠩᠭᠣᠯ ᠤᠨ ᠡᠵᠡᠨᠲᠦ ᠤᠯᠤᠰ ᠤᠨ ᠲᠡᠦᠬᠡ ︾ ᠴᠤᠪᠤᠷᠠᠯ ᠤᠨ ᠭᠤᠷᠪᠠᠳᠤᠭᠠᠷ ᠪᠣᠲᠢ  ︽ᠮᠣᠩᠭᠣᠯ ᠤᠨ ᠠᠯᠲᠠᠨ ᠣᠷᠳᠣᠨ ᠤ ᠤᠯᠤᠰ ︾ ᠵᠣᠬᠢᠶᠠᠯ ᠢ ᠳ᠋ᠣᠺᠲ᠋ᠣᠷ ᠰ∙ᠴᠣᠯᠮᠣᠨ ᠲᠤᠭᠤᠷᠪᠢᠭᠰᠠᠨ᠃ ᠠᠯᠲᠠᠨ ᠣᠷᠳᠣᠨ ᠤ ᠤᠯᠤᠰ ᠤᠨ ᠲᠠᠯ᠎ᠠ ᠪᠠᠷ ᠰᠡᠭᠦᠯ ᠦᠨ ᠦᠶ᠎ᠡ ᠳᠦ ᠭᠠᠷᠤᠭᠰᠠᠨ ᠰᠤᠳᠤᠯᠭᠠᠨ ᠤ ᠦᠷ᠎ᠡ ᠳ᠋ᠦᠩ ᠂ ᠣᠯᠳᠠᠪᠤᠷᠢ᠂ ᠪᠠᠷᠢᠮᠲᠠ ᠵᠡᠷᠭᠡ ᠳᠦ ᠲᠤᠯᠭᠠᠭᠤᠷᠢᠯᠠᠨ ᠰᠢᠨ᠎ᠡ ᠪᠠᠷᠢᠮᠲᠠ ᠮᠠᠲ᠋ᠧᠷᠢᠶᠠᠯ ᠳᠤ ᠲᠤᠯᠭᠠᠭᠤᠷᠢᠯᠠᠨ ᠠᠪᠴᠤ ᠦᠵᠡᠭᠰᠡᠨ ᠶᠤᠮ᠃ ︽ᠮᠣᠩᠭᠣᠯ ᠤᠨ ᠡᠵᠡᠨᠲᠦ ᠤᠯᠤᠰ ᠤᠨ ᠲᠡᠦᠬᠡ︾ ᠴᠤᠪᠤᠷᠠᠯ ᠤᠨ ᠳᠦᠷᠪᠡᠳᠦᠭᠡᠷ ᠪᠣᠲᠢ ︽ᠮᠣᠩᠭᠣᠯ ᠤᠨ ᠴᠠᠭᠠᠳᠠᠢ ᠶᠢᠨ ᠤᠯᠤᠰ ︾ ᠵᠣᠬᠢᠶᠠᠯ ᠢ ᠳ᠋ᠣᠺᠲ᠋ᠣᠷ ᠼ∙ᠡᠩᠬᠡᠴᠢᠮᠡᠭ ᠪᠢᠴᠢᠭᠰᠡᠨ ᠪᠥᠭᠡᠳ ᠳᠤᠮᠳᠠᠳᠤ ᠠᠽᠢᠶ᠎ᠠ ᠶᠢᠨ ᠪᠥᠰᠡ ᠨᠤᠲᠤᠭ ᠲᠤ ᠮᠣᠩᠭᠣᠯ ᠤᠨ ᠡᠵᠡᠨᠲᠦ ᠭᠦᠷᠦᠨ ᠦ ᠵᠦᠭ ᠡᠴᠡ ᠬᠡᠷᠡᠭᠵᠢᠭᠦᠯᠦᠭᠰᠡᠨ ᠪᠣᠳᠣᠯᠭ᠎ᠠ᠂ ᠮᠥᠨ ᠲᠡᠭᠦᠨ ᠦ ᠨᠥᠯᠥᠭᠡ ᠨᠢ ᠴᠠᠭᠠᠳᠠᠢ ᠶᠢᠨ ᠬᠠᠭᠠᠨᠲᠤ ᠤᠯᠤᠰ ᠤᠨ ᠨᠤᠲᠤᠭ ᠳᠡᠪᠢᠰᠬᠡᠷ ᠲᠦ ᠬᠡᠷᠬᠢᠨ ᠬᠡᠷᠡᠭᠵᠢᠭᠰᠡᠨ᠂ ᠪᠥᠰᠡ ᠨᠤᠲᠤᠭ ᠤᠨ ᠲᠡᠦᠬᠡᠨ ᠳᠦ ᠮᠣᠩᠭᠣᠯᠴᠤᠳ ᠤᠨ ᠭᠦᠢᠴᠡᠳᠭᠡᠭᠰᠡᠨ ᠡᠭᠦᠷᠭᠡ ᠵᠡᠷᠭᠡ ᠶᠢ ᠠᠪᠴᠤ ᠦᠵᠡᠭᠰᠡᠨ ᠪᠠᠶᠢᠨ᠎ᠠ᠃ ︽ᠮᠣᠩᠭᠣᠯ ᠤᠨ ᠡᠵᠡᠨᠲᠦ ᠤᠯᠤᠰ ᠤᠨ ᠲᠡᠦᠬᠡ︾ ᠴᠤᠪᠤᠷᠠᠯ ᠤᠨ ᠲᠠᠪᠤᠳᠤᠭᠠᠷ ᠪᠣᠲᠢ ︽ᠮᠣᠩᠭᠣᠯ ᠤᠨ ᠢᠯ  ᠬᠠᠭᠠᠨᠲᠤ ᠤᠯᠤᠰ ︾ ᠵᠣᠬᠢᠶᠠᠯ ᠢ ᠳ᠋ᠣᠺᠲ᠋ᠣᠷ ᠯ∙ᠭᠠᠩᠪᠠᠲᠤ᠂ ᠠ᠊∙ᠡᠩᠬᠡᠪᠠᠲᠤ ᠨᠠᠷ ᠬᠠᠮᠲᠤᠷᠠᠨ ᠪᠢᠴᠢᠭᠰᠡᠨ ᠶᠤᠮ᠃ ᠵᠣᠬᠢᠶᠠᠯ ᠳᠤ ᠢᠯ ᠬᠠᠭᠠᠳ ᠤᠨ ᠪᠠᠭ᠎ᠠ ᠠᠽᠢᠶ᠎ᠠ᠂ ᠣᠶᠢᠷᠠᠬᠢ ᠳᠣᠷᠣᠨᠠᠲᠤ ᠶᠢᠨ ᠪᠥᠰᠡ ᠨᠤᠲᠤᠭ ᠲᠤ ᠶᠠᠪᠤᠭᠤᠯᠤᠭᠰᠠᠨ ᠤᠯᠤᠰ ᠲᠥᠷᠥ ᠶᠢᠨ ᠪᠣᠳᠣᠯᠭ᠎ᠠ᠂ ᠦᠢᠯᠡ ᠠᠵᠢᠯᠯᠠᠭ᠎ᠠ᠂ ᠮᠣᠩᠭᠣᠯᠴᠤᠳ ᠤᠨ ᠪᠥᠰᠡ ᠨᠤᠲᠤᠭ ᠲᠤ ᠦᠵᠡᠭᠦᠯᠦᠭᠰᠡᠨ ᠨᠥᠯᠥᠭᠡᠯᠡᠯ᠂ ᠪᠠᠭ᠎ᠠ ᠠᠽᠢᠶ᠎ᠠ ᠶᠢᠨ ᠪᠥᠰᠡ ᠨᠤᠲᠤᠭ ᠲᠦ ᠣᠴᠢᠭᠰᠠᠨ ᠮᠣᠩᠭᠣᠯ ᠣᠪᠤᠭ ᠠᠶᠢᠮᠠᠭ ᠤᠨ ᠲᠡᠦᠬᠡ᠂ ᠰᠤᠶᠤᠯ ᠤᠨ ᠲᠠᠯ᠎ᠠ ᠪᠠᠷ ᠠᠪᠴᠤ ᠦᠵᠡᠵᠡᠢ᠃

ᠰᠡᠳᠬᠢᠭᠳᠡᠯ ᠦᠯᠡᠳᠡᠭᠡᠬᠦ